| | 2 ᠰᠠᠷ᠎ᠠ ᠶᠢᠨ 27 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ 2025 | ᠣᠨ ᠤ 7 ᠳ᠋ᠤᠭᠠᠷ ᠤᠳᠠᠭᠠᠨ ᠤ ᠬᠤᠷᠠᠯ ᠵᠢᠴᠢ ᠬᠤᠲᠠ ᠶᠢᠨ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠥᠬᠦ | ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ 2025 ᠣᠨ ᠤ 1 ᠳ᠋ᠤᠭᠡᠷ ᠤᠳᠠᠭᠠᠨ ᠤ ᠬᠤᠷᠠᠯ ᠢ ᠬᠤᠷᠠᠯᠳᠤᠭᠤᠯᠵᠤ᠂ | ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ | ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ | ᠸᠠᠩ ᠰᠠᠨ ᠱᠢ ᠬᠤᠷᠠᠯ ᠢ ᠡᠷᠭᠢᠯᠡᠪᠡ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ︽ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ | ᠰᠢᠰᠲ᠋ᠧᠮ ᠢ ᠪᠦᠷᠢᠨᠰᠢᠭᠦᠯᠬᠦ︾ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ᠂ ᠡᠯ᠎ᠡ ᠰᠠᠯᠠᠭ᠎ᠠ ᠮᠥᠴᠢᠷ | ᠨᠢᠭᠡᠴᠡ ᠶᠢᠨ ︽ᠨᠢᠭᠡᠳᠦᠭᠡᠷ ᠭᠠᠷ︾ ᠨᠢᠭᠡᠳᠦᠭᠡᠷ ᠬᠠᠷᠢᠭᠤᠴᠠᠯᠭᠠᠲᠠᠨ ᠪᠣᠯᠬᠤ ᠬᠡᠷᠡᠭᠲᠡᠢ᠂ ᠤᠳᠤᠷᠢᠳᠬᠤ ᠪᠠᠭ ᠤᠨ | ᠭᠡᠰᠢᠭᠦᠳ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠨᠠᠮ ᠢ ᠬᠠᠮᠢᠶᠠᠷᠴᠤ ᠨᠠᠮ ᠢ ᠵᠠᠰᠠᠬᠤ | ᠬᠠᠷᠢᠭᠤᠴᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠭᠦᠢᠴᠡᠳᠬᠡᠯᠭᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠭᠤᠤᠯ | ᠴᠣᠭᠴᠠ ᠶᠢᠨ ᠬᠠᠷᠢᠭᠤᠴᠠᠯᠭ᠎ᠠ ᠶᠢ ᠱᠠᠲᠤ ᠱᠠᠲᠤ ᠪᠠᠷ ᠬᠠᠰᠤᠬᠤ ᠶᠢ ᠨᠠᠶᠢᠳᠠᠪᠤᠷᠢᠵᠢᠭᠤᠯᠤᠭᠰᠠᠨ ᠪᠠᠶᠢᠪᠠᠯ᠂ ᠴᠠᠭ | ᠲᠤᠬᠠᠶ ᠳᠤᠨᠢ ᠰᠢᠮᠳᠠᠭᠤᠯᠤᠨ ᠰᠠᠨᠠᠭᠤᠯᠬᠤ ᠬᠡᠷᠡᠭᠲᠡᠶ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ | ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠦᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ | ᠪᠣᠯᠤᠨ ᠰᠦᠨ ᠱᠤᠤ ᠴᠧᠩ ᠨᠥᠬᠦᠷ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ | ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠪᠦᠬᠦᠳᠠ ᠬᠤᠷᠠᠯ ᠳᠡᠭᠡᠷᠡᠬᠢ ᠶᠠᠷᠢᠶᠠᠨ ᠤ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ | ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ︽ᠬᠤᠶᠠᠷ ᠢ ᠲᠣᠭᠲᠠᠭᠠᠬᠤ︾ ᠶᠢ ᠦᠨᠡᠨᠴᠢ ᠪᠠᠷ ᠬᠦᠷᠢᠶᠡᠯᠡᠬᠦ᠂ ︽ | ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠦᠴᠦᠲᠡᠢ ᠠᠵᠢᠯᠯᠠᠭ᠎ᠠ ᠪᠠᠷ ᠢᠯᠵᠠᠷᠠᠬᠤ ᠠᠴᠠ ᠵᠢᠷᠦᠬᠡᠰᠢᠶᠡᠬᠦ᠂ | ᠢᠯᠵᠠᠷᠠᠵᠤ ᠪᠣᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠤᠭᠴᠠᠵᠢᠭᠤᠯᠤᠨ ᠠᠬᠢᠭᠤᠯᠵᠤ᠂ | ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠶᠢ | ᠦᠷᠭᠦᠯᠵᠢᠯᠡᠨ ᠭᠦᠨᠵᠡᠭᠡᠶᠢᠷᠡᠭᠦᠯᠵᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠡᠷᠡᠰ ᠭᠤᠶᠢᠪᠢᠰᠢ | ᠦᠭᠡᠢ ᠪᠠᠷ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠬᠦ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ ᠮᠠᠨ ᠤ ᠬᠤᠲᠠ ᠶᠢᠨ ︽ᠵᠢᠷᠭᠤᠭᠠᠨ ᠠᠵᠢᠯᠯᠠᠭ᠎ᠠ︾ ᠥᠷᠨᠢᠭᠦᠯᠬᠦ ᠶᠢᠨ ᠬᠡᠷᠡᠭᠵᠢᠭᠦᠯᠬᠦ ᠲᠥᠰᠦᠯ ᠢ | ᠬᠢᠨᠠᠨ ᠵᠥᠪᠯᠡᠵᠦ ᠪᠠᠲᠤᠯᠠᠭᠠᠳ᠂ ︽ᠲᠥᠷᠥᠯ ᠵᠦᠢᠯ ᠢ ᠠᠳᠬᠤᠬᠤ᠂ ᠣᠷᠣᠭᠤᠯᠤᠨ ᠠᠪᠴᠢᠷᠠᠬᠤ᠂ ᠪᠡᠯᠡ ᠮᠥᠩᠭᠦ ᠶᠢ | ᠭᠦᠶᠦᠯᠭᠡᠬᠦ︾ ᠶᠢ ︽ᠵᠢᠷᠭᠤᠭᠠᠨ ᠠᠵᠢᠯᠯᠠᠭ᠎ᠠ︾ ᠶᠢᠨ ᠭᠤᠣᠯ ᠱᠤᠭᠤᠮ ᠤᠨ ᠡᠭᠦᠷᠭᠡ ᠪᠣᠯᠭᠠᠬᠤ ᠶᠢᠨ ᠬᠠᠮᠲᠤ | ᠡᠬᠢᠨ ᠠᠴᠠ ᠨᠢ ᠳᠠᠭᠤᠰᠲᠠᠯ᠎ᠠ ᠲᠤᠭᠤᠰᠢᠯᠠᠭᠤᠯᠵᠤ᠂ ᠬᠢᠵᠦ ᠳᠡᠶᠢᠯᠬᠦ ᠠᠵᠢᠯ ᠢ ᠤᠷᠢᠳᠠᠪᠠᠷ ᠬᠢᠬᠦ ᠶᠢᠨ ᠬᠠᠮᠲᠤ | ᠱᠠᠳᠤᠴᠢ ᠴᠢᠨᠠᠷᠲᠠᠢ ᠠᠵᠢᠯ ᠤᠨ ᠦᠷ᠎ᠡ ᠪᠦᠲᠦᠭᠡᠯ ᠢ ᠨᠠᠷᠢᠨ ᠬᠢᠨᠠᠮᠠᠭᠠᠢ ᠳ᠋ᠦᠩᠨᠡᠵᠦ᠂ ᠠᠬᠢᠴᠠ ᠲᠦᠷᠭᠡᠨ᠂ ᠶᠠᠰᠤ | ᠴᠢᠨᠠᠷ ᠰᠠᠶᠢᠨ᠂ ᠬᠢᠯᠠᠰ ᠴᠡᠭ ᠲᠠᠢ ᠪᠠᠶᠢᠬᠤ ᠶᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠡᠷᠢᠶᠡᠨ ᠬᠤᠲᠠ ᠶᠢᠨ ᠬᠤᠷᠢᠶ᠎ᠠ ᠶᠢᠨ | ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ 2025 ᠣᠨ ᠤ ᠠᠵᠢᠯ ᠤᠨ ᠱᠠᠭᠠᠷᠳᠠᠯᠭ᠎ᠠ︾ | ᠶᠢ ᠬᠢᠨᠠᠨ ᠵᠥᠪᠯᠡᠵᠦ ᠪᠠᠲᠤᠯᠠᠭᠠᠳ᠂ ᠥᠪᠡᠷᠮᠢᠴᠡ ᠣᠨᠴᠠᠯᠢᠭ ᠲᠠᠢ ᠬᠢᠯᠠᠰ ᠴᠡᠭ ᠢ ᠳᠤᠪᠤᠶᠢᠯᠭᠠᠵᠤ᠂ ᠤᠳᠤᠷᠢᠳᠬᠤ | ᠺᠠᠳ᠋ᠷᠴᠤᠳ ᠤᠨ ︽ᠵᠠᠩᠭᠢᠯᠠᠭ᠎ᠠ ᠶᠢᠨ ᠴᠥᠭᠡᠨ ᠲᠣᠭᠠᠲᠠᠨ︾᠂ ᠲᠤᠰᠬᠠᠢ ᠳᠤᠭᠤᠶᠢᠯᠠᠩ ᠤᠨ ︽ᠵᠠᠩᠭᠢᠯᠠᠭ᠎ᠠ ᠶᠢᠨ | ᠠᠬᠢᠭᠤᠯᠤᠯ︾᠂ ᠲᠦᠷᠦᠭᠦᠯᠡᠨ ᠬᠢᠬᠦ ᠨᠢᠭᠡᠴᠡ ᠶᠢᠨ ︽ᠵᠠᠩᠭᠢᠯᠠᠭ᠎ᠠ ᠶᠢᠨ ᠲᠦᠯᠬᠢᠭᠴᠢ︾ ᠶᠢᠨ ᠦᠢᠯᠡᠳᠦᠯ ᠢ | ᠬᠦᠴᠦᠯᠡᠨ ᠰᠠᠶᠢᠲᠤᠷ ᠪᠠᠳᠠᠷᠠᠭᠤᠯᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢᠨ | ᠨᠠᠶᠢᠳᠠᠪᠤᠷᠢᠵᠢᠭᠤᠯᠤᠯᠲᠠ ᠶᠢ ᠲᠦᠷᠭᠡᠳᠬᠡᠨ ᠠᠬᠢᠭᠤᠯᠵᠤ᠂ ᠨᠢᠭᠡ ᠪᠦᠯᠦᠭ ᠬᠠᠭᠤᠯᠪᠤᠷᠢᠯᠠᠵᠤ ᠪᠣᠯᠬᠤ ᠳᠡᠯᠭᠡᠷᠡᠭᠦᠯᠵᠦ | ᠪᠣᠯᠬᠤ ᠲᠤᠷᠰᠢᠯᠭ᠎ᠠ ᠬᠢᠳᠡᠯ ᠢ ᠴᠢᠷᠮᠠᠶᠢᠨ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ |