| ᠡᠨᠡ ᠵᠢᠯ ᠤᠨ ᠲᠦᠷᠦᠭᠦᠦ 2 ᠰᠠᠷ᠎ᠠ ᠳᠤ᠂ ᠡᠷᠢᠶᠡᠨ ᠬᠤᠲᠠ ᠶᠢᠨ ᠪᠣᠭᠤᠮᠲᠠ ᠶᠢᠨ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠥᠷᠲᠡᠭ 63.2 ᠳ᠋ᠦᠩᠰᠢᠭᠤᠷ ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 2.2% ᠢᠶᠠᠷ ᠨᠡᠮᠡᠭᠳᠡᠪᠡ᠂ ᠡᠭᠦᠨ ᠳᠤ ᠭᠠᠳᠠᠭᠠᠳᠤ ᠣᠷᠣᠭᠤᠯᠤᠯᠲᠠ 36. | 6ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 20% ᠪᠠᠷ ᠨᠡᠮᠡᠭᠳᠡᠵᠦ᠂ | ᠭᠠᠳᠠᠭᠠᠳᠤ ᠭᠠᠷᠭᠠᠯᠲᠠ 26.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 15. | 1% ᠪᠠᠷ ᠪᠠᠭᠠᠰᠴᠠᠢ᠃ | ᠡᠨᠡ ᠵᠢᠯ ᠠᠴᠠ ᠨᠠᠰᠢ᠂ ᠡᠷᠢᠶᠡᠨ ᠪᠣᠭᠤᠮᠲᠠ ᠶᠢᠨ ᠵᠡᠰ ᠤᠨ ᠬᠦᠳᠡᠷ ᠤᠨ ᠬᠠᠶᠢᠷ᠂ ᠨᠡᠭᠦᠷᠡᠰᠦ᠂ ᠴᠠᠭᠠᠰᠤᠨ | ᠡᠭᠡᠳᠡᠩ᠂ ᠲᠡᠮᠦᠷ ᠤᠨ ᠠᠭᠤᠷᠬᠠᠶ ᠵᠡᠷᠭᠡ ᠶᠡᠭᠡ ᠬᠡᠮᠵᠢᠶᠡᠨ ᠤ ᠲᠠᠸᠠᠷ ᠴᠥᠮ ᠨᠡᠮᠡᠭᠳᠡᠬᠦ ᠪᠠᠶᠢᠳᠠᠯ ᠢᠯᠡᠷᠡᠪᠡ᠃ | ᠪᠣᠭᠤᠮᠲᠠ ᠶᠢᠨ ᠬᠢᠨᠠᠨ ᠬᠠᠮᠢᠶᠠᠷᠬᠤ ᠰᠠᠯᠠᠭ᠎ᠠ ᠮᠥᠴᠢᠷ᠂ ᠬᠠᠮᠲᠤᠷᠠᠨ ᠪᠠᠶᠢᠴᠠᠭᠠᠬᠤ ᠬᠠᠮᠲᠤᠷᠠᠨ ᠲᠡᠭᠡᠭᠡᠪᠦᠷᠢᠯᠡᠬᠦ | ᠨᠢᠭᠡᠴᠡ ᠨᠦᠭᠦᠳ ᠢᠳᠡᠪᠬᠢᠲᠡᠶ ᠪᠠᠷ ᠤᠷᠤᠭᠰᠢᠯᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠪᠣᠳᠠᠲᠠᠶ ᠠᠵᠢᠯ ᠢᠶᠠᠷ | ᠦᠢᠯᠡᠴᠢᠯᠡᠭᠡᠨ ᠤ ᠬᠢᠷᠢ ᠬᠡᠮᠵᠢᠶ᠎ᠡ ᠪᠠᠨ ᠳᠡᠭᠡᠭᠰᠢᠯᠡᠭᠦᠯᠦᠨ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠳᠥᠭᠦᠮ ᠳᠥᠲᠡ ᠪᠥᠭᠡᠳ ᠥᠨᠳᠥᠷ ᠪᠦᠲᠦᠮᠵᠢᠲᠡᠶ | ᠪᠣᠭᠤᠮᠲᠠ ᠪᠠᠷ ᠥᠩᠭᠡᠷᠡᠬᠦ ᠶᠢ ᠪᠠᠳᠣᠯᠠᠪᠠ᠃ | ᠡᠷᠢᠶᠡᠨ ᠪᠣᠭᠤᠮᠲᠠ ᠶᠢᠨ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠰᠠᠯᠠᠭᠠᠨ ᠤ ᠳᠠᠷᠤᠭ᠎ᠠ ᠯᠢᠦ ᠵᠢᠶᠠᠨ | ᠬᠡᠯᠡᠭᠰᠡᠨ ᠨᠢ᠄ ︽ᠲᠠᠷᠠᠭᠠᠴᠢ ᠶᠢᠨ ᠠᠯᠬᠤᠮ ᠳᠤ᠂ ᠡᠷᠢᠶᠡᠨ ᠪᠣᠭᠤᠮᠲᠠ ᠶᠢᠨ ᠬᠢᠨ ᠦᠷᠭᠦᠯᠵᠢᠯᠡᠨ ︿ᠭᠠᠭᠴᠠ | ᠴᠣᠩᠬᠤᠪᠴᠢ﹀ ᠪᠠᠷ ᠲᠠᠪᠴᠠᠩ ᠪᠣᠯᠭᠠᠵᠤ᠂ ︿ᠳᠠᠩ ᠭᠠᠭᠴᠠ ᠴᠣᠩᠬᠤᠪᠴᠢ﹀ ᠶᠢᠨ ᠡᠯ᠎ᠡ ᠵᠦᠢᠯ ᠤᠨ ᠲᠥᠬᠦᠮ | ᠴᠢᠳᠠᠮᠵᠢ ᠶᠢ ᠭᠦᠢᠴᠡᠳ ᠠᠭᠤᠳᠠᠯᠵᠤ᠂ ︿ᠬᠤᠷᠢᠶᠠᠩᠭᠤᠶᠢᠯᠠᠨ ᠭᠠᠶᠢᠯᠢ ᠲᠠᠲᠠᠪᠤᠷᠢᠯᠠᠬᠤ﹀ ︿ᠬᠤᠶᠠᠷ ᠠᠯᠬᠤᠮ ᠢᠶᠠᠷ | ᠭᠤᠶᠤᠴᠢᠯᠠᠨ ᠮᠡᠳᠡᠭᠦᠯᠬᠦ﹀ ᠵᠡᠷᠭᠡ ᠪᠣᠭᠤᠮᠲᠠ ᠪᠠᠷ ᠳᠥᠭᠦᠮ ᠳᠥᠲᠡ ᠥᠩᠭᠡᠷᠡᠬᠦ ᠵᠠᠭᠪᠤᠷ ᠢ ᠯᠠᠪᠳᠠᠭᠤᠨ ᠪᠠᠲᠤᠲᠠᠢ | ᠠᠬᠢᠭᠤᠯᠵᠤ᠂ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠣᠯᠠᠨ | ᠠᠷᠭ᠎ᠠ ᠵᠠᠮ ᠢᠶᠠᠷ ᠰᠠᠶᠢᠲᠤᠷ ᠬᠢᠵᠦ᠂ ᠪᠣᠭᠤᠮᠲᠠ ᠶᠢᠨ ᠥᠷᠭᠡᠨ ᠣᠯᠠᠨ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠬᠤ ᠠᠵᠤ ᠠᠬᠤᠶᠢᠯᠠᠯ ᠳᠤ ᠦᠨᠡᠨ ᠪᠣᠳᠠᠲᠠᠢ ᠲᠥᠷᠥ ᠶᠢᠨ ᠪᠣᠳᠣᠯᠭ᠎ᠠ ᠶᠢᠨ ᠠᠰᠢᠭ | ᠬᠦᠷᠲᠡᠭᠡᠵᠦ᠂ ᠪᠣᠭᠤᠮᠲᠠ ᠶᠢᠨ ᠤᠯᠠᠮ ᠨᠢᠭᠡ ᠠᠯᠬᠤᠮ ᠬᠥᠭᠵᠢᠬᠦ ᠳᠤ ᠬᠦᠴᠦᠨ ᠨᠡᠮᠡᠷᠢᠯᠡᠨ᠎ᠡ︾ ᠭᠡᠪᠡ᠃ |