ᠡᠷᠢᠶᠡᠨ ᠬᠤᠲᠠ ᠶᠢᠨ ᠡᠷᠳᠡᠨᠢᠭᠤᠪᠢ ᠭᠠᠴᠠᠭ᠎ᠠ ᠶᠢᠨ ᠬᠠᠩᠭᠠᠨ ᠪᠣᠷᠣᠯᠠᠭᠤᠯᠬᠤ ᠬᠤᠷᠰᠢᠶᠠᠨ ᠤ ᠬᠢᠵᠠᠭᠠᠷᠲᠤ ᠺᠣᠮᠫᠠᠨᠢ ᠶᠢᠨ ᠳᠡᠮᠣᠷ ᠲᠣᠣᠷ ᠤᠨ ᠦᠢᠯᠡᠳᠪᠦᠷᠢ ᠠᠵᠢᠯ ᠡᠬᠢᠯᠡᠪᠡ
ᠨᠡᠶᠢᠲᠡᠯᠡᠭᠰᠡᠨ ᠴᠠᠭ᠄
2025/3/11
 
   3 ᠰᠠᠷ᠎ᠠ ᠶᠢᠨ 7 ᠤ ᠡᠳᠦᠷ᠂ ᠬᠤᠲᠠ ᠶᠢᠨ ᠡᠷᠳᠡᠨᠢᠭᠤᠪᠢ ᠭᠠᠴᠠᠭᠠᠨ ᠤ ᠬᠠᠩᠭᠠᠨ ᠪᠣᠷᠣᠯᠠᠭᠤᠯᠬᠤ ᠬᠤᠷᠰᠢᠶᠠᠨ ᠤ ᠬᠢᠵᠠᠭᠠᠷᠲᠤ ᠺᠣᠮᠫᠠᠨᠢ ᠶᠢᠨ ᠲᠡᠮᠣᠷ ᠳᠣᠣᠷ ᠤᠨ ᠦᠢᠯᠡᠳᠪᠦᠷᠢ ᠠᠵᠢᠯ ᠢᠶᠠᠨ ᠡᠬᠢᠯᠡᠭᠦᠯᠦᠭᠰᠡᠨ ᠨᠢ ᠭᠠᠴᠠᠭᠠᠨ ᠤ ᠬᠠᠮᠲᠤ ᠶᠢᠨ ᠠᠵᠤ ᠠᠬᠤᠶ ᠰᠢᠨ᠎ᠡ ᠨᠢᠭᠡ ᠠᠯᠬᠤᠮ ᠢ ᠠᠯᠬᠤᠭᠰᠠᠨ ᠢ ᠬᠠᠷᠠᠭᠤᠯᠵᠤ ᠪᠠᠶᠢᠨ᠎ᠠ᠃    ᠬᠤᠲᠠ ᠶᠢᠨ ᠡᠷᠳᠡᠨᠢᠭᠤᠪᠢ ᠭᠠᠴᠠᠭ᠎ᠠ ᠶᠢᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠢᠵᠠᠭᠠᠷᠲᠤ ᠺᠣᠮᠫᠠᠨᠢ ᠬᠢᠯᠢ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠤ ᠳᠤᠮᠳᠠ ᠵᠢᠵᠢᠭ ᠠᠳᠠᠯ ᠦᠢᠯᠡᠰ ᠴᠣᠭᠴᠠᠯᠠᠬᠤ ᠬᠦᠷᠢᠶᠡᠯᠡᠩ ᠲᠣᠭᠤᠷᠢᠭ ᠲᠤ ᠪᠣᠶ᠃ ᠵᠠᠰᠠᠭ ᠤᠨ ᠣᠷᠳᠣᠨ ᠤ ᠬᠠᠯᠠᠮᠵᠢᠯᠠᠯ᠂ ᠠᠵᠤ ᠠᠬᠤᠶᠢᠯᠠᠯ ᠤᠨ ᠬᠠᠮᠵᠢᠯᠴᠠᠭ᠎ᠠ ᠪᠠ ᠮᠠᠯᠴᠢᠳ ᠤᠨ ᠳᠡᠮᠵᠢᠯᠭᠡ ᠳᠣᠤᠷ᠎ᠠ᠂ ᠬᠤᠶᠠᠷ ᠰᠠᠷ᠎ᠠ ᠭᠠᠷᠤᠶ ᠶᠢᠨ ᠨᠠᠷᠢᠨ ᠨᠢᠮᠪᠠᠶ ᠪᠡᠯᠡᠳᠬᠡᠯ ᠢᠶᠠᠷ ᠳᠠᠮᠵᠢᠨ᠂ ᠭᠠᠴᠠᠭᠠᠨ ᠤ ᠬᠠᠮᠲᠤ ᠶᠢᠨ ᠪᠡᠯᠡ ᠮᠥᠩᠭᠦ ᠪᠠᠷ ᠪᠦᠲᠦᠭᠡᠨ ᠪᠠᠶᠢᠭᠤᠯᠪᠠ᠃ ᠲᠡᠮᠣᠷ ᠳᠣᠣᠷ ᠤᠨ ᠦᠢᠯᠡᠳᠬᠦᠨ ᠢ ᠵᠠᠬ᠎ᠠ ᠳᠡᠯᠭᠡᠭᠦᠷ ᠲᠤ ᠣᠷᠣᠭᠤᠯᠪᠠᠯ᠂ ᠲᠥᠰᠦᠭᠡᠯᠡᠨ ᠪᠤᠳᠤᠭᠰᠠᠨ ᠢᠶᠠᠷ᠂ ᠡᠨᠡ ᠵᠢᠯ ᠤᠨ ᠳᠣᠲᠣᠷ᠎ᠠ 70 - 80 ᠲᠦᠮᠡᠨ ᠲᠥᠭᠦᠷᠢᠭ ᠤᠨ ᠠᠰᠢᠭ ᠣᠷᠣᠯᠭ᠎ᠠ ᠪᠣᠶ ᠪᠣᠯᠤᠨ᠎ᠠ᠃    ᠲᠡᠮᠣᠷ ᠲᠣᠣᠷ ᠤᠨ ᠦᠢᠯᠡᠳᠪᠦᠷᠢ ᠶᠢᠨ ᠪᠠᠶᠢᠭᠤᠯᠤᠭᠳᠠᠭᠰᠠᠨ ᠨᠢ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠵᠠᠬ᠎ᠠ ᠳᠡᠯᠭᠡᠭᠦᠷ ᠤᠨ ᠰᠢᠨ᠎ᠡ ᠡᠵᠡᠩᠨᠡᠯᠲᠡ ᠶᠢᠨ ᠬᠡᠯᠪᠡᠷᠢ ᠶᠢ ᠥᠷᠭᠡᠳᠬᠡᠵᠦ᠂ ︽ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ︾᠂ ︽ᠦᠪᠣᠷ ᠮᠣᠩᠭᠤᠯ ᠤᠨ ᠮᠠᠲ᠋ᠧᠷᠢᠶᠡᠯ ᠢ ᠥᠪᠥᠷ ᠮᠣᠩᠭᠤᠯ ᠳᠤ ᠬᠡᠷᠡᠭᠯᠡᠬᠦ︾ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠪᠠᠷ ᠪᠠᠷᠠᠬᠤ ᠦᠭᠡᠢ ᠪᠠᠰᠠ ᠭᠠᠴᠠᠭᠠᠨ ᠤ ︽ᠠᠳᠠᠯ ᠦᠢᠯᠡᠰ ᠴᠣᠭᠴᠠᠯᠠᠭᠴᠢ︾ ᠳᠠᠰᠢ ᠬᠤᠪᠢᠷᠠᠭᠤᠯᠬᠤ ᠶᠢ ᠠᠬᠢᠭᠤᠯᠪᠠ᠃    ᠡᠷᠳᠡᠨᠢᠭᠤᠪᠢ ᠭᠠᠴᠠᠭᠠᠨ ᠤ ᠨᠠᠮ ᠤᠨ ᠡᠭᠦᠷ ᠤᠨ ᠱᠦᠵᠢ ᠤᠷᠠᠨ᠎ᠠ ᠬᠡᠯᠡᠬᠦ ᠳᠡᠭᠡᠨ᠄ ︽ᠪᠢᠳᠡ ᠪᠡᠯᠡ ᠣᠷᠣᠭᠤᠯᠤᠯᠲᠠ ᠪᠠᠨ ᠨᠡᠮᠡᠭᠳᠡᠭᠦᠯᠦᠨ ᠪᠦᠲᠦᠭᠡᠭᠳᠡᠬᠦᠨ ᠤ ᠥᠷᠢᠰᠥᠯᠳᠦᠬᠦ ᠬᠦᠴᠦᠨ ᠢᠶᠠᠨ ᠳᠡᠭᠡᠭᠰᠢᠯᠡᠭᠦᠯᠵᠦ᠂ ᠨᠠᠩ ᠣᠯᠠᠨ ᠭᠠᠴᠠᠭᠠᠨ ᠤ ᠮᠠᠯᠴᠢᠳ ᠢ ᠳᠠᠶᠢᠴᠢᠯᠠᠨ ᠠᠵᠢᠯ ᠣᠯᠭᠤᠵᠤ᠂ ᠣᠷᠣᠯᠭ᠎ᠠ ᠶᠢ ᠨᠢ ᠨᠡᠮᠡᠭᠳᠡᠭᠦᠯᠵᠦ᠂ ᠭᠠᠴᠠᠭᠠᠨ ᠤ ᠬᠠᠮᠲᠤ ᠶᠢᠨ ᠠᠵᠤ ᠠᠬᠤᠶ ᠶᠢ ᠦᠷᠭᠦᠯᠵᠢᠯᠡᠨ ᠪᠤᠵᠠᠭᠠᠶᠢᠷᠠᠭᠤᠯᠵᠤ᠂ ᠡᠷᠳᠡᠨᠢᠭᠤᠪᠢ ᠭᠠᠴᠠᠭᠠᠨ ᠤ ᠮᠠᠯᠴᠢᠳ ᠲᠤ ᠪᠤᠶᠠᠨ ᠦᠢᠯᠡᠳᠦᠨ᠎ᠡ︾ ᠭᠡᠪᠡ᠃     ᠲᠤᠬᠠᠶ ᠶᠢᠨ ᠡᠳᠦᠷ᠂ ᠠᠩᠬᠠᠨ ᠤ ᠪᠦᠯᠦᠭ ᠵᠠᠬᠢᠶᠠᠯᠠᠨ ᠠᠪᠬᠤ ᠺᠣᠮᠫᠠᠨᠢ ᠡᠷᠳᠡᠨᠢᠭᠤᠪᠢ ᠭᠠᠴᠠᠭᠠᠨ ᠤ ᠬᠠᠩᠭᠠᠨ ᠪᠣᠷᠣᠯᠠᠭᠤᠯᠬᠤ ᠬᠤᠷᠰᠢᠶ᠎ᠠ ᠲᠠᠢ ᠵᠠᠬᠢᠶᠠᠯᠠᠭ᠎ᠠ ᠶᠢᠨ ᠭᠡᠷ᠎ᠡ ᠲᠣᠭᠲᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号