3 ᠰᠠᠷ᠎ᠠ ᠶᠢᠨ 7 ᠤ ᠡᠳᠦᠷ᠂ ᠬᠤᠲᠠ ᠶᠢᠨ ᠡᠷᠳᠡᠨᠢᠭᠤᠪᠢ ᠭᠠᠴᠠᠭᠠᠨ ᠤ ᠬᠠᠩᠭᠠᠨ ᠪᠣᠷᠣᠯᠠᠭᠤᠯᠬᠤ | ᠬᠤᠷᠰᠢᠶᠠᠨ ᠤ ᠬᠢᠵᠠᠭᠠᠷᠲᠤ ᠺᠣᠮᠫᠠᠨᠢ ᠶᠢᠨ ᠲᠡᠮᠣᠷ ᠳᠣᠣᠷ ᠤᠨ ᠦᠢᠯᠡᠳᠪᠦᠷᠢ ᠠᠵᠢᠯ ᠢᠶᠠᠨ ᠡᠬᠢᠯᠡᠭᠦᠯᠦᠭᠰᠡᠨ ᠨᠢ | ᠭᠠᠴᠠᠭᠠᠨ ᠤ ᠬᠠᠮᠲᠤ ᠶᠢᠨ ᠠᠵᠤ ᠠᠬᠤᠶ ᠰᠢᠨ᠎ᠡ ᠨᠢᠭᠡ ᠠᠯᠬᠤᠮ ᠢ ᠠᠯᠬᠤᠭᠰᠠᠨ ᠢ ᠬᠠᠷᠠᠭᠤᠯᠵᠤ ᠪᠠᠶᠢᠨ᠎ᠠ᠃ | | | | | ᠬᠤᠲᠠ ᠶᠢᠨ ᠡᠷᠳᠡᠨᠢᠭᠤᠪᠢ ᠭᠠᠴᠠᠭ᠎ᠠ ᠶᠢᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠢᠵᠠᠭᠠᠷᠲᠤ ᠺᠣᠮᠫᠠᠨᠢ | ᠬᠢᠯᠢ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠤ ᠳᠤᠮᠳᠠ ᠵᠢᠵᠢᠭ ᠠᠳᠠᠯ ᠦᠢᠯᠡᠰ ᠴᠣᠭᠴᠠᠯᠠᠬᠤ | ᠬᠦᠷᠢᠶᠡᠯᠡᠩ ᠲᠣᠭᠤᠷᠢᠭ ᠲᠤ ᠪᠣᠶ᠃ ᠵᠠᠰᠠᠭ ᠤᠨ ᠣᠷᠳᠣᠨ ᠤ ᠬᠠᠯᠠᠮᠵᠢᠯᠠᠯ᠂ ᠠᠵᠤ ᠠᠬᠤᠶᠢᠯᠠᠯ ᠤᠨ ᠬᠠᠮᠵᠢᠯᠴᠠᠭ᠎ᠠ | ᠪᠠ ᠮᠠᠯᠴᠢᠳ ᠤᠨ ᠳᠡᠮᠵᠢᠯᠭᠡ ᠳᠣᠤᠷ᠎ᠠ᠂ ᠬᠤᠶᠠᠷ ᠰᠠᠷ᠎ᠠ ᠭᠠᠷᠤᠶ ᠶᠢᠨ ᠨᠠᠷᠢᠨ ᠨᠢᠮᠪᠠᠶ ᠪᠡᠯᠡᠳᠬᠡᠯ ᠢᠶᠠᠷ ᠳᠠᠮᠵᠢᠨ᠂ | ᠭᠠᠴᠠᠭᠠᠨ ᠤ ᠬᠠᠮᠲᠤ ᠶᠢᠨ ᠪᠡᠯᠡ ᠮᠥᠩᠭᠦ ᠪᠠᠷ ᠪᠦᠲᠦᠭᠡᠨ ᠪᠠᠶᠢᠭᠤᠯᠪᠠ᠃ ᠲᠡᠮᠣᠷ ᠳᠣᠣᠷ ᠤᠨ ᠦᠢᠯᠡᠳᠬᠦᠨ ᠢ ᠵᠠᠬ᠎ᠠ | ᠳᠡᠯᠭᠡᠭᠦᠷ ᠲᠤ ᠣᠷᠣᠭᠤᠯᠪᠠᠯ᠂ ᠲᠥᠰᠦᠭᠡᠯᠡᠨ ᠪᠤᠳᠤᠭᠰᠠᠨ ᠢᠶᠠᠷ᠂ ᠡᠨᠡ ᠵᠢᠯ ᠤᠨ ᠳᠣᠲᠣᠷ᠎ᠠ 70 - 80 ᠲᠦᠮᠡᠨ | ᠲᠥᠭᠦᠷᠢᠭ ᠤᠨ ᠠᠰᠢᠭ ᠣᠷᠣᠯᠭ᠎ᠠ ᠪᠣᠶ ᠪᠣᠯᠤᠨ᠎ᠠ᠃ | | | | | ᠲᠡᠮᠣᠷ ᠲᠣᠣᠷ ᠤᠨ ᠦᠢᠯᠡᠳᠪᠦᠷᠢ ᠶᠢᠨ ᠪᠠᠶᠢᠭᠤᠯᠤᠭᠳᠠᠭᠰᠠᠨ ᠨᠢ ᠭᠠᠴᠠᠭᠠᠨ ᠤ ᠬᠠᠮᠲᠤ ᠶᠢᠨ ᠠᠵᠤ | ᠠᠬᠤᠢ ᠶᠢᠨ ᠵᠠᠬ᠎ᠠ ᠳᠡᠯᠭᠡᠭᠦᠷ ᠤᠨ ᠰᠢᠨ᠎ᠡ ᠡᠵᠡᠩᠨᠡᠯᠲᠡ ᠶᠢᠨ ᠬᠡᠯᠪᠡᠷᠢ ᠶᠢ ᠥᠷᠭᠡᠳᠬᠡᠵᠦ᠂ ︽ᠠᠵᠢᠯ ᠣᠯᠭᠤᠯᠲᠠ ᠪᠠᠷ | ᠲᠡᠳᠬᠦᠮᠵᠢ ᠶᠢ ᠣᠷᠣᠯᠠᠭᠤᠯᠬᠤ︾᠂ ︽ᠦᠪᠣᠷ ᠮᠣᠩᠭᠤᠯ ᠤᠨ ᠮᠠᠲ᠋ᠧᠷᠢᠶᠡᠯ ᠢ ᠥᠪᠥᠷ ᠮᠣᠩᠭᠤᠯ ᠳᠤ ᠬᠡᠷᠡᠭᠯᠡᠬᠦ︾ | ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠪᠠᠷ ᠪᠠᠷᠠᠬᠤ ᠦᠭᠡᠢ ᠪᠠᠰᠠ | ᠭᠠᠴᠠᠭᠠᠨ ᠤ ︽ᠠᠳᠠᠯ ᠦᠢᠯᠡᠰ ᠴᠣᠭᠴᠠᠯᠠᠭᠴᠢ︾ ᠳᠠᠰᠢ ᠬᠤᠪᠢᠷᠠᠭᠤᠯᠬᠤ ᠶᠢ ᠠᠬᠢᠭᠤᠯᠪᠠ᠃ | | | | | ᠡᠷᠳᠡᠨᠢᠭᠤᠪᠢ ᠭᠠᠴᠠᠭᠠᠨ ᠤ ᠨᠠᠮ ᠤᠨ ᠡᠭᠦᠷ ᠤᠨ ᠱᠦᠵᠢ ᠤᠷᠠᠨ᠎ᠠ ᠬᠡᠯᠡᠬᠦ ᠳᠡᠭᠡᠨ᠄ ︽ᠪᠢᠳᠡ ᠪᠡᠯᠡ | ᠣᠷᠣᠭᠤᠯᠤᠯᠲᠠ ᠪᠠᠨ ᠨᠡᠮᠡᠭᠳᠡᠭᠦᠯᠦᠨ ᠪᠦᠲᠦᠭᠡᠭᠳᠡᠬᠦᠨ ᠤ ᠥᠷᠢᠰᠥᠯᠳᠦᠬᠦ ᠬᠦᠴᠦᠨ ᠢᠶᠠᠨ ᠳᠡᠭᠡᠭᠰᠢᠯᠡᠭᠦᠯᠵᠦ᠂ ᠨᠠᠩ | ᠣᠯᠠᠨ ᠭᠠᠴᠠᠭᠠᠨ ᠤ ᠮᠠᠯᠴᠢᠳ ᠢ ᠳᠠᠶᠢᠴᠢᠯᠠᠨ ᠠᠵᠢᠯ ᠣᠯᠭᠤᠵᠤ᠂ ᠣᠷᠣᠯᠭ᠎ᠠ ᠶᠢ ᠨᠢ ᠨᠡᠮᠡᠭᠳᠡᠭᠦᠯᠵᠦ᠂ ᠭᠠᠴᠠᠭᠠᠨ ᠤ | ᠬᠠᠮᠲᠤ ᠶᠢᠨ ᠠᠵᠤ ᠠᠬᠤᠶ ᠶᠢ ᠦᠷᠭᠦᠯᠵᠢᠯᠡᠨ ᠪᠤᠵᠠᠭᠠᠶᠢᠷᠠᠭᠤᠯᠵᠤ᠂ ᠡᠷᠳᠡᠨᠢᠭᠤᠪᠢ ᠭᠠᠴᠠᠭᠠᠨ ᠤ ᠮᠠᠯᠴᠢᠳ ᠲᠤ | ᠪᠤᠶᠠᠨ ᠦᠢᠯᠡᠳᠦᠨ᠎ᠡ︾ ᠭᠡᠪᠡ᠃ | ᠲᠤᠬᠠᠶ ᠶᠢᠨ ᠡᠳᠦᠷ᠂ ᠠᠩᠬᠠᠨ ᠤ ᠪᠦᠯᠦᠭ ᠵᠠᠬᠢᠶᠠᠯᠠᠨ ᠠᠪᠬᠤ ᠺᠣᠮᠫᠠᠨᠢ ᠡᠷᠳᠡᠨᠢᠭᠤᠪᠢ ᠭᠠᠴᠠᠭᠠᠨ ᠤ | ᠬᠠᠩᠭᠠᠨ ᠪᠣᠷᠣᠯᠠᠭᠤᠯᠬᠤ ᠬᠤᠷᠰᠢᠶ᠎ᠠ ᠲᠠᠢ ᠵᠠᠬᠢᠶᠠᠯᠠᠭ᠎ᠠ ᠶᠢᠨ ᠭᠡᠷ᠎ᠡ ᠲᠣᠭᠲᠠᠪᠠ᠃ | | |