【 ᠠᠵᠢᠯᠯᠠᠬᠤ ᠶᠢ ᠲᠡᠷᠢᠭᠦᠨ ᠳᠤ ᠲᠠᠯᠪᠢᠵᠤ ︽ᠵᠢᠷᠭᠤᠭᠠᠨ ᠠᠵᠢᠯᠯᠠᠭ᠎ᠠ︾ ᠶᠢ ᠰᠠᠶᠢᠲᠤᠷ ᠠᠳᠬᠤᠬᠤ ᠬᠡᠷᠡᠭᠲᠡᠢ᠃ 】 ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠨᠢ ᠠᠵᠤ ᠠᠬᠤᠶᠢᠯᠠᠯ ᠪᠠ ᠠᠵᠢᠯ ᠨᠢᠭᠡᠲᠡᠨ ᠳᠤ ᠠᠰᠢᠭ ᠬᠦᠷᠳᠡᠬᠡᠨ᠎ᠡ
ᠨᠡᠶᠢᠲᠡᠯᠡᠭᠰᠡᠨ ᠴᠠᠭ᠄
2025/3/12
    3 ᠰᠠᠷ᠎ᠠ ᠶᠢᠨ 10 ᠤ ᠡᠳᠦᠷ᠂ ᠨᠢᠭᠡ ᠤᠳᠠᠭᠠᠨ ᠤ ᠬᠤᠤᠰ ᠴᠢᠭᠯᠡᠯ ᠢᠶᠠᠷ ᠬᠦᠷᠴᠦ᠂ ᠬᠥᠭᠵᠢᠯᠲᠡ ᠶᠢ ᠬᠠᠮᠲᠤ ᠪᠠᠷ ᠰᠦᠪᠡᠭᠴᠢᠯᠡᠬᠦ ︽ᠠᠵᠤ ᠠᠬᠤᠶᠢᠯᠠᠯ ᠢ ᠳᠡᠮᠵᠢᠬᠦ ᠠᠵᠢᠯᠯᠠᠭ᠎ᠠ ᠨᠢ ᠠᠵᠤ ᠠᠬᠤᠶᠢᠯᠠᠯ ᠳᠤ ᠠᠰᠢᠭ ᠬᠦᠷᠲᠡᠭᠡᠬᠦ︾ ᠭᠤᠤᠯ ᠰᠡᠳᠦᠪᠲᠦ ᠠᠵᠤ ᠠᠬᠤᠶᠢᠯᠠᠯ ᠤᠨ ᠪᠠᠯᠠ ᠣᠷᠣᠭᠤᠯᠤᠯᠲᠠ ᠶᠢᠨ ᠲᠤᠰᠬᠠᠶ ᠵᠥᠪᠯᠡᠯᠭᠡ ᠥᠭᠬᠦ ᠬᠤᠷᠠᠯ ᠬᠤᠲᠠ ᠶᠢᠨ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠳᠤ ᠶᠠᠪᠤᠭᠳᠠᠪᠠ᠃ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠴᠤᠭᠯᠠᠭᠤᠯᠤᠯᠲᠠ ᠨᠢ ᠠᠵᠤ ᠠᠬᠤᠶᠢᠯᠠᠯ ᠳᠤ ᠮᠠᠨ ᠤ ᠬᠤᠲᠠ ᠶᠢᠨ ᠠᠵᠤ ᠠᠬᠤᠶᠢᠯᠠᠯ ᠤᠨ ᠬᠥᠭᠵᠢᠯᠲᠡ ᠶᠢ ᠬᠠᠮᠠᠭᠠᠯᠠᠬᠤ ᠦᠨᠡᠨᠴᠢ ᠰᠡᠳᠬᠢᠯᠭᠡ ᠶᠢ ᠤᠯᠠᠮ ᠨᠢᠭᠡ ᠠᠯᠬᠤᠮ ᠮᠡᠳᠡᠷᠡᠭᠦᠯᠪᠡ᠃      ᠠᠰᠠᠭᠤᠨ ᠯᠠᠪᠯᠠᠬᠤ ᠬᠤᠷᠠᠯ ᠨᠢ ᠠᠵᠤ ᠠᠬᠤᠶᠢᠯᠠᠯ ᠤᠨ ᠵᠥᠪᠯᠡᠯᠭᠡ ᠥᠭᠬᠦ ᠬᠡᠷᠡᠭᠴᠡᠭᠡ ᠨᠡᠯᠢᠶᠡᠳ ᠣᠯᠠᠨ ᠪᠠᠶᠢᠭ᠎ᠠ ᠲᠥᠷᠥ ᠶᠢᠨ ᠪᠣᠳᠣᠯᠭ᠎ᠠ᠂ ᠭᠠᠵᠠᠷ ᠰᠢᠷᠣᠶ᠂ ᠣᠷᠴᠢᠨ ᠲᠣᠭᠤᠷᠢᠨ ᠤ ᠬᠠᠮᠠᠭᠠᠯᠠᠯᠲᠠ᠂ ᠬᠢᠨᠠᠨ ᠵᠥᠪᠰᠢᠶᠡᠷᠡᠬᠦ ᠵᠡᠷᠭᠡ ᠲᠠᠯ᠎ᠠ ᠶᠢᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠰᠠᠯᠠᠭ᠎ᠠ ᠮᠥᠴᠢᠷ ᠤᠳ ᠪᠠᠯᠠ ᠣᠷᠣᠭᠤᠯᠤᠨ ᠦᠢᠯᠡᠰ ᠬᠥᠭᠵᠢᠭᠦᠯᠬᠦ ᠳᠤᠷᠠᠲᠠᠶ ᠠᠵᠤ ᠠᠬᠤᠶᠢᠯᠠᠯ ᠲᠠᠢ ᠨᠢᠭᠤᠷᠳᠠᠨ ᠶᠠᠷᠢᠯᠴᠠᠵᠤ᠂ ᠲᠤᠬᠠᠶ ᠶᠢᠨ ᠲᠠᠯᠠᠪᠤᠷ ᠲᠤ ᠮᠠᠳᠠᠭ ᠲᠠᠢ ᠠᠰᠠᠭᠤᠳᠠᠯ ᠢ ᠬᠠᠷᠢᠭᠤᠯᠵᠠᠶ᠃ ᠮᠠᠨ ᠤ ᠬᠤᠲᠠ ᠶᠢᠨ ᠡᠯ᠎ᠡ ᠲᠥᠷᠥᠯ ᠤᠨ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠮᠡᠳᠡᠭᠡ ᠵᠠᠩᠭᠢ ᠶᠢ ᠨᠠᠷᠢᠯᠢᠭ ᠣᠨᠣᠴᠠᠲᠠᠶ ᠪᠠᠷ ᠬᠦᠷᠭᠡᠵᠦ᠂ ᠪᠡᠯᠡ ᠣᠷᠣᠭᠤᠯᠤᠭᠴᠢᠳ ᠲᠤ ︽ᠠᠷᠤᠷ᠎ᠠ ᠶᠢᠨ ᠨᠠᠮᠠᠭ᠎ᠠ︾ ᠭᠠᠷᠭᠠᠵᠤ᠂ ᠠᠵᠤ ᠠᠬᠤᠶᠢᠯᠠᠯ ᠤᠨ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ ᠣᠨᠣᠪᠴᠢᠲᠠᠶ ᠮᠡᠳᠡᠭᠦᠯᠬᠦ ᠶᠢ ᠠᠬᠢᠭᠤᠯᠵᠤ᠂ ᠠᠵᠤ ᠠᠬᠤᠶᠢᠯᠠᠯ ᠢ ᠬᠠᠪᠰᠤᠷᠤᠨ ᠬᠥᠭᠵᠢᠯᠲᠡ ᠶᠢ ᠨᠠᠩ ᠰᠠᠶᠢᠲᠤᠷ ᠲᠥᠯᠥᠪᠵᠢᠭᠦᠯᠵᠦ᠂ ᠲᠥᠷᠥᠯ ᠵᠦᠢᠯ ᠢ ᠰᠦᠪᠡᠭᠴᠢᠯᠡᠨ᠎ᠡ ᠃ ᠡᠶᠢᠮᠦᠷᠬᠦᠦ ᠵᠠᠰᠠᠭ ᠠᠵᠤ ᠠᠬᠤᠶᠢᠯᠠᠯ ᠬᠠᠷᠢᠯᠴᠠᠨ ᠬᠥᠳᠡᠯᠦᠯᠴᠡᠵᠦ᠂ ᠠᠵᠤ ᠠᠬᠤᠶᠢᠯᠠᠯ ᠢ ᠮᠠᠰᠢ ᠳᠤᠯᠠᠭᠠᠬᠠᠨ ᠰᠠᠨᠠᠭᠳᠠᠭᠤᠯᠤᠨ᠎ᠠ᠃      ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠪᠣᠯ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢᠨ ᠲᠣᠪᠴᠢᠶ᠎ᠠ ᠶᠢᠨ ᠰᠢᠨ᠎ᠡ ᠨᠢᠭᠡ ᠵᠢᠯ ᠳᠤ ︽ᠵᠢᠷᠭᠤᠭᠠᠨ ᠠᠵᠢᠯᠯᠠᠭ᠎ᠠ︾ ᠶᠢ ᠰᠠᠶᠢᠲᠤᠷ ᠨᠠᠶᠢᠳᠠᠪᠤᠷᠢᠵᠢᠭᠤᠯᠬᠤ ᠶᠢᠨ ᠴᠢᠬᠤᠯᠠ ᠭᠠᠷᠳᠠᠴᠠ ᠮᠥᠨ᠂ ᠰᠠᠯᠠᠭ᠎ᠠ ᠮᠥᠴᠢᠷ ᠤᠨ ᠬᠠᠮᠵᠢᠯᠴᠠᠨ ᠬᠠᠮᠲᠤᠷᠠᠯᠴᠠᠬᠤ ᠶᠢ ᠴᠢᠩᠭᠠᠳᠬᠠᠬᠤ ᠪᠠᠷ ᠳᠠᠮᠵᠢᠭᠤᠯᠤᠨ᠂ ᠠᠵᠤ ᠠᠬᠤᠶᠢᠯᠠᠯ ᠳᠤ ᠬᠤᠯᠪᠣᠭᠳᠠᠬᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠰᠠᠨᠠᠭᠠᠴᠢᠯᠠᠭ᠎ᠠ ᠠᠴᠠ ᠪᠠᠨ ᠡᠮᠦᠨ᠎ᠡ ᠨᠢ ᠦᠢᠯᠡᠴᠢᠯᠡᠨ᠂ ᠠᠵᠤ ᠠᠬᠤᠶᠢᠯᠠᠯ ᠳᠤ ᠲᠦᠭᠵᠢᠷᠡᠬᠦ᠂ ᠳᠠᠷᠤᠭᠠᠰᠤ ᠶᠢ ᠬᠥᠩᠭᠡᠷᠡᠭᠦᠯᠬᠦ᠂ ᠴᠢᠳᠠᠪᠤᠷᠢ ᠣᠯᠭᠤᠵᠤ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ ᠬᠡᠷᠡᠭᠴᠡᠭᠡ ᠱᠠᠭᠠᠷᠳᠠᠯᠭ᠎ᠠ ᠶᠢ ᠬᠦᠢᠴᠡᠳ ᠬᠠᠩᠭᠠᠵᠤ᠂ ᠪᠣᠭᠤᠮᠲᠠ ᠶᠢᠨ ᠠᠵᠤ ᠠᠬᠤᠶ ᠶᠢᠨ ᠬᠥᠭᠵᠢᠯᠲᠡ ᠶᠢᠨ ᠬᠥᠷᠥᠰᠥ ᠰᠢᠷᠣᠶ ᠶᠢ ᠰᠢᠮᠡᠵᠢᠭᠦᠯᠦᠨ᠎ᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号