ᠡᠷᠢᠶᠡᠨ ᠬᠤᠲᠠ 2025 ᠣᠨ ᠤ ᠬᠠᠪᠤᠷ ᠤᠨ ᠤᠯᠠᠷᠢᠯ ᠤᠨ ᠴᠡᠷᠢᠭ ᠲᠣᠭᠲᠠᠭᠠᠬᠤ ᠶᠢ ᠬᠢᠨᠠᠨ ᠵᠥᠪᠰᠢᠶᠡᠷᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/12
    3 ᠰᠠᠷ᠎ᠠ ᠶᠢᠨ 10 ᠤ ᠡᠳᠦᠷ᠂ ᠮᠠᠨ ᠤ ᠬᠤᠲᠠ 2025 ᠣᠨ ᠤ ᠬᠠᠪᠤᠷ ᠤᠨ ᠤᠯᠠᠷᠢᠯ ᠤᠨ ᠴᠡᠷᠢᠭ ᠲᠣᠭᠲᠠᠭᠠᠬᠤ ᠶᠢ ᠬᠢᠨᠠᠨ ᠵᠥᠪᠰᠢᠶᠡᠷᠡᠬᠦ ᠬᠤᠷᠠᠯ ᠬᠤᠷᠠᠯᠳᠤᠭᠤᠯᠵᠤ᠂ ᠴᠡᠷᠢᠭ ᠲᠣᠭᠲᠠᠭᠠᠬᠤ ᠲᠥᠰᠦᠯ᠂ ᠤᠯᠤᠰ ᠲᠥᠷᠥ ᠶᠢᠨ ᠬᠢᠨᠠᠨ ᠰᠢᠯᠭᠠᠯᠲᠠ᠂ ᠰᠤᠷᠤᠯᠭ᠎ᠠ ᠶᠢᠨ ᠨᠠᠮᠲᠠᠷ ᠢ ᠬᠢᠨᠠᠨ ᠪᠠᠶᠢᠴᠠᠭᠠᠬᠤ᠂ ᠪᠡᠶ᠎ᠡ ᠶᠢᠨ ᠲᠠᠮᠢᠷ ᠢ ᠪᠠᠶᠢᠴᠠᠭᠠᠬᠤ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠭᠠᠷ ᠡᠷᠭᠦᠨ ᠪᠠᠲᠤᠯᠠᠬᠤ ᠬᠡᠯᠪᠡᠷᠢ ᠪᠠᠷ 2025 ᠣᠨ ᠤ ᠮᠠᠨ ᠤ ᠬᠤᠲᠠ ᠶᠢᠨ ᠬᠠᠪᠤᠷ ᠤᠨ ᠤᠯᠠᠷᠢᠯ ᠤᠨ ᠡᠷᠡᠭᠲᠡᠶ ᠴᠡᠷᠢᠭ ᠡᠯᠰᠡᠬᠦ ᠲᠠᠰ ᠳᠠᠷᠠᠭᠠᠯᠠᠯ ᠤᠨ ᠨᠡᠷᠡᠰ ᠢ ᠪᠠᠲᠤᠯᠠᠪᠠ᠃      ᠴᠡᠷᠢᠭ ᠲᠣᠭᠲᠠᠭᠠᠬᠤ ᠬᠤᠷᠠᠯ ᠤᠨ ᠪᠥᠬᠦ ᠶᠠᠪᠤᠴᠠ ᠶᠢᠨ ᠳᠠᠭᠤ ᠰᠢᠩᠭᠡᠭᠡᠯᠲᠡ ᠳᠦᠷᠰᠦ ᠰᠢᠩᠭᠡᠭᠡᠯᠲᠡ ᠬᠢᠬᠦ᠂ ᠦᠯᠡᠳᠡᠭᠡᠨ ᠬᠠᠳᠠᠭᠠᠯᠠᠵᠤ ᠪᠠᠶᠢᠴᠠᠭᠠᠬᠤ ᠳᠤ ᠪᠡᠯᠡᠳᠬᠡᠬᠦ ᠶᠢ ᠬᠢᠨᠠᠨ ᠵᠥᠪᠰᠢᠶᠡᠷᠡᠬᠦ ᠶᠢᠨ ᠬᠠᠮᠲᠤ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠠᠷᠢᠭᠤᠨ ᠴᠢᠬᠡᠴᠢ ᠪᠠᠷ ᠴᠡᠷᠢᠭ ᠡᠯᠰᠡᠬᠦ ᠬᠢᠨᠠᠯᠲᠠ ᠲᠠᠯᠪᠢᠭᠴᠢ ᠶᠢᠨ ᠪᠥᠬᠦ ᠶᠠᠪᠤᠴᠠ ᠳᠤ ᠬᠢᠨᠠᠯᠲᠠ ᠲᠠᠯᠪᠢᠵᠤ᠂ ᠴᠡᠷᠢᠭ ᠲᠣᠭᠲᠠᠭᠠᠬᠤ ᠠᠵᠢᠯ ᠤᠨ ᠲᠠᠰ ᠳᠠᠷᠠᠭᠠᠯᠠᠯ ᠤᠨ ᠱᠠᠭᠠᠷᠳᠠᠯᠭ᠎ᠠ ᠳᠤ ᠨᠡᠶᠢᠴᠡᠬᠦ᠂ ᠢᠯᠡ ᠲᠣᠳᠣ ᠪᠠᠶᠢᠬᠤ ᠶᠢ ᠦᠨᠡᠨᠬᠦ ᠪᠠᠲᠤᠯᠠᠪᠠ᠃      ᠣᠶᠢᠯᠠᠭᠠᠭᠰᠠᠨ ᠢᠶᠠᠷ᠂ ᠬᠠᠪᠤᠷ ᠤᠨ ᠤᠯᠠᠷᠢᠯ ᠤᠨ ᠴᠡᠷᠢᠭ ᠡᠯᠰᠡᠬᠦ ᠨᠢ 2024 ᠣᠨ ᠤ 12 ᠰᠠᠷ᠎ᠠ ᠠᠴᠠ ᠡᠬᠢᠯᠡᠨ ᠴᠡᠷᠢᠭ ᠲᠤ ᠡᠯᠰᠡᠭᠳᠡᠬᠦ ᠶᠣᠰᠣᠲᠠᠶ ᠨᠡᠷ᠎ᠡ ᠮᠡᠳᠡᠭᠦᠯᠵᠦ᠂ ᠠᠩᠬᠠᠨ ᠤ ᠪᠠᠶᠢᠴᠠᠭᠠᠯᠲᠠ᠂ ᠳᠠᠬᠢᠨ ᠪᠠᠶᠢᠴᠠᠭᠠᠬᠤ᠂ ᠤᠯᠤᠰ ᠲᠥᠷᠥ ᠶᠢᠨ ᠬᠢᠨᠠᠨ ᠰᠢᠯᠭᠠᠯᠲᠠ᠂ ᠴᠡᠷᠢᠭ ᠤᠨ ᠠᠯᠪᠠᠨ ᠠᠴᠠ ᠡᠮᠦᠨᠡᠬᠢ ᠰᠤᠷᠭᠠᠨ ᠬᠥᠮᠦᠵᠢᠯ᠂ ᠬᠢᠨᠠᠨ ᠵᠥᠪᠰᠢᠶᠡᠷᠡᠯ ᠢᠶᠠᠷ ᠳᠡᠮᠵᠢᠨ ᠴᠡᠷᠢᠭ ᠲᠣᠭᠲᠠᠭᠠᠬᠤ ᠭᠤᠭᠴᠤᠭ᠎ᠠ ᠶᠢ ᠪᠠᠲᠤᠯᠠᠵᠤ᠂ ᠰᠢᠨ᠎ᠡ ᠴᠡᠷᠢᠭ ᠢ ᠲᠣᠭᠲᠠᠭᠠᠪᠠ᠃ ᠣᠳᠣᠬᠠᠨ ᠳᠤ ᠨᠢᠭᠡᠨᠲᠡ ᠡᠯ᠎ᠡ ᠵᠦᠢᠯ ᠤᠨ ᠠᠵᠢᠯ ᠢᠶᠠᠨ ᠤᠷᠤᠭᠰᠢᠲᠠᠶ ᠪᠡᠶᠡᠯᠡᠭᠦᠯᠪᠡ᠃ ᠲᠣᠰ ᠤᠳᠠᠭ᠎ᠠ ᠴᠡᠷᠢᠭ ᠲᠣᠭᠲᠠᠭᠠᠬᠤ ︽ᠢᠯᠡ ᠪᠠᠷ ᠴᠡᠷᠢᠭ ᠡᠯᠰᠡᠬᠦ︾ ᠲᠠᠰ ᠳᠠᠷᠠᠭᠠᠯᠠᠯ ᠶᠣᠰᠣᠭᠠᠷ᠂ ᠴᠡᠷᠢᠭ ᠲᠣᠭᠲᠠᠭᠠᠬᠤ ᠲᠠᠰ ᠳᠠᠷᠠᠭᠠᠯᠠᠯ ᠂ ᠠᠷᠭ᠎ᠠ᠂ ᠠᠯᠬᠤᠮ ᠳᠠᠷᠠᠭ᠎ᠠ ᠶᠢ ᠵᠢᠷᠤᠮᠵᠢᠭᠤᠯᠵᠤ᠂ ᠠᠷᠢᠭᠤᠨ ᠴᠢᠬᠡᠴᠢ ᠪᠠᠷ ᠴᠡᠷᠢᠭ ᠡᠯᠰᠡᠬᠦ᠂ ᠢᠯᠡ ᠪᠠᠷ ᠴᠡᠷᠢᠭ ᠡᠯᠰᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠴᠡᠷᠢᠭ ᠡᠯᠰᠡᠬᠦ ᠠᠵᠢᠯ ᠤᠨ ᠡᠷᠬᠡ ᠲᠡᠭᠰᠢ ᠲᠥᠪ ᠭᠤᠤᠯᠴᠢ᠂ ᠢᠯᠡ ᠲᠣᠳᠣ ᠪᠠᠶᠢᠬᠤ ᠶᠢ ᠪᠠᠲᠤᠯᠠᠪᠠ᠃    ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠲᠣᠰ ᠤᠳᠠᠭᠠᠨ ᠤ ᠴᠡᠷᠢᠭ ᠡᠯᠰᠡᠬᠦ ᠠᠵᠢᠯ ᠤᠨ ᠳᠤᠮᠳᠠ᠂ ᠮᠠᠨ ᠤ ᠬᠤᠲᠠ ᠶᠢᠨ ᠵᠣᠬᠢᠬᠤ ᠨᠠᠰᠤᠨ ᠤ ᠵᠠᠯᠠᠭᠤᠴᠤᠳ ᠢᠳᠡᠪᠬᠢᠲᠡᠶ ᠪᠠᠷ ᠨᠡᠷ᠎ᠡ ᠮᠡᠳᠡᠭᠦᠯᠪᠡ᠃ ᠣᠳᠣᠬᠠᠨ ᠳᠤ ᠪᠢᠲᠡᠭᠦᠮᠵᠢᠯᠡᠭᠰᠡᠨ ᠮᠠᠶ᠋ᠢᠭ ᠤᠨ ᠠᠯᠪᠠ ᠬᠠᠭᠠᠬᠤ ᠠᠴᠠ ᠡᠮᠦᠨᠡᠬᠢ ᠬᠥᠮᠦᠵᠢᠯ ᠪᠠᠰᠠ ᠶᠠᠪᠤᠭᠳᠠᠵᠤ ᠪᠠᠶᠢᠨ᠎ᠠ᠂ ᠰᠢᠨ᠎ᠡ ᠴᠡᠷᠢᠭ 3 ᠰᠠᠷ᠎ᠠ ᠶᠢᠨ ᠳᠤᠮᠳᠠᠴᠢ ᠠᠴᠠ ᠡᠬᠢᠯᠡᠨ ᠴᠡᠷᠢᠭ ᠠᠩᠭᠢ ᠳᠤ ᠬᠦᠷᠴᠦ᠂ ᠵᠠᠯᠠᠭᠤ ᠨᠠᠰᠤᠨ ᠤ ᠴᠡᠴᠡᠭ ᠢ ᠡᠬᠡ ᠤᠯᠤᠰ ᠤᠨ ᠬᠠᠮᠤᠭ ᠤᠨ ᠬᠡᠷᠡᠭᠴᠡᠭᠡ ᠲᠠᠢ ᠭᠠᠵᠠᠷ ᠲᠤ ᠳᠡᠯᠭᠡᠷᠡᠭᠦᠯᠬᠦ ᠪᠣᠯᠤᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号