ᠴᠡᠴᠡᠷᠯᠢᠭ ᠤᠨ ᠨᠣᠭᠤᠭᠠᠷᠠᠭᠤᠯᠤᠯᠲᠠ ᠶᠢᠨ ᠲᠤᠰᠬᠠᠶ ᠪᠣᠯᠪᠠᠰᠤᠷᠠᠭᠤᠯᠤᠯ᠄ ᠬᠤᠲᠠ ᠶᠢᠨ ᠨᠣᠭᠤᠭᠠᠷᠠᠭᠤᠯᠤᠯᠲᠠ ᠶᠢ ᠰᠠᠶᠢᠲᠤᠷ ᠰᠠᠬᠢᠵᠤ ᠨᠣᠭᠤᠭᠠᠷᠠᠭᠤᠯᠤᠯᠲᠠ ᠶᠢᠨ ᠰᠠᠬᠢᠨ ᠬᠠᠮᠠᠭᠠᠯᠠᠬᠤ ᠬᠦᠴᠦᠨ ᠢ ᠳᠡᠭᠡᠭᠰᠢᠯᠡᠭᠦᠯᠬᠦ ᠬᠡᠷᠡᠭᠲᠡᠢ
ᠨᠡᠶᠢᠲᠡᠯᠡᠭᠰᠡᠨ ᠴᠠᠭ᠄
2025/3/13
     ᠬᠠᠪᠤᠷ ᠤᠨ ᠤᠯᠠᠷᠢᠯ ᠤᠨ ᠡᠪᠡᠳᠴᠢᠨ ᠬᠤᠷᠣᠬᠠᠢ ᠶᠢᠨ ᠭᠠᠮᠰᠢᠭ ᠡᠭᠦᠰᠬᠦ ᠶᠢ ᠪᠦᠲᠦᠮᠵᠢᠲᠡᠢ ᠰᠡᠷᠬᠡᠶᠢᠯᠡᠨ ᠵᠠᠰᠠᠵᠤ᠂ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠨᠠᠷᠢᠯᠢᠭ ᠬᠠᠮᠢᠶᠠᠷᠴᠤ ᠠᠷᠠᠴᠢᠯᠠᠬᠤ ᠬᠢᠷᠢ ᠳᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠬᠦᠯᠬᠦ ᠶᠢᠨ ᠳᠣᠱᠠᠳᠠ᠂ ᠬᠤᠲᠠ ᠶᠢᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠲᠥᠪ ᠭᠡᠮ ᠬᠤᠷᠣᠬᠠᠢ ᠶᠢᠨ ᠬᠥᠨᠥᠭᠡᠯ ᠢ ᠰᠡᠷᠬᠡᠶᠢᠯᠡᠨ ᠵᠠᠰᠠᠬᠤ ᠮᠡᠷᠭᠡᠵᠢᠯ ᠴᠢᠳᠠᠪᠤᠷᠢ ᠶᠢᠨ ᠳᠣᠰᠬᠠᠢ ᠰᠡᠳᠦᠪᠲᠦ ᠪᠣᠯᠪᠠᠰᠤᠷᠠᠯ ᠤᠨ ᠬᠤᠷᠠᠯ ᠡᠷᠬᠢᠯᠡᠪᠡ᠃     ᠪᠣᠯᠪᠠᠰᠣᠷᠠᠯ ᠤᠨ ᠭᠤᠣᠯᠳᠠᠯᠭ᠎ᠠ ᠨᠢ ᠹᠢᠽᠢᠺ ᠤᠨ ᠰᠡᠷᠭᠡᠶᠢᠯᠡᠨ ᠵᠠᠰᠠᠬᠤ᠂ ᠠᠮᠢᠳᠤ ᠪᠣᠳᠠᠰ ᠤᠨ ᠰᠡᠷᠭᠡᠶᠢᠯᠡᠨ ᠵᠠᠰᠠᠯᠲᠠ᠂ ᠬᠢᠮᠢ ᠶᠢᠨ ᠰᠡᠷᠭᠡᠶᠢᠯᠡᠨ ᠵᠠᠰᠠᠯᠲᠠ ᠵᠡᠷᠭᠡ ᠣᠯᠠᠨ ᠵᠦᠢᠯ ᠤᠨ ᠶᠡᠷᠦᠩᠬᠡᠶᠢᠯᠡᠨ ᠰᠡᠷᠭᠡᠶᠢᠯᠡᠨ ᠵᠠᠰᠠᠬᠤ ᠠᠷᠭ᠎ᠠ ᠶᠢᠨ ᠲᠣᠭᠤᠷᠢᠨ ᠳᠤ ᠲᠠᠶᠢᠯᠤᠮᠵᠢ ᠬᠢᠵᠦ᠂ ᠮᠠᠨ ᠤ ᠬᠤᠲᠠ ᠶᠢᠨ ᠣᠳᠣᠬᠠᠨ ᠳᠤ ᠦᠷᠭᠦᠯᠵᠢ ᠲᠣᠬᠢᠶᠠᠯᠳᠤᠳᠠᠭ ᠴᠡᠴᠡᠷᠯᠢᠭ ᠤᠨ ᠤᠷᠭᠤᠮᠠᠯ ᠤᠨ ᠡᠪᠡᠳᠴᠢᠨ ᠬᠤᠷᠣᠬᠠᠶ ᠶᠢᠨ ᠬᠥᠨᠥᠭᠡᠯ ᠤᠨ ᠲᠥᠷᠥᠯ ᠵᠦᠢᠯ᠂ ᠡᠭᠦᠰᠬᠦ ᠵᠢᠮ᠎ᠡ ᠶᠣᠰᠣ ᠵᠢᠴᠢ ᠴᠡᠴᠡᠷᠯᠢᠭ ᠤᠨ ᠤᠷᠭᠤᠮᠠᠯ ᠢ ᠬᠤᠬᠢᠷᠠᠭᠤᠯᠬᠤ ᠬᠡᠮᠵᠢᠶ᠎ᠡ ᠶᠢ ᠵᠠᠳᠠᠯᠬᠤ ᠪᠠᠷ ᠳᠠᠮᠵᠢᠭᠤᠯᠤᠨ᠂ ᠴᠡᠴᠡᠷᠯᠢᠭ ᠤᠨ ᠠᠵᠢᠯᠲᠠᠨ ᠢ ᠵᠢᠯᠣᠭᠤᠳᠤᠨ ᠴᠡᠴᠡᠷᠯᠢᠭ ᠤᠨ ᠤᠷᠭᠤᠮᠠᠯ ᠤᠨ ᠡᠪᠡᠳᠴᠢᠨ ᠬᠤᠷᠣᠬᠠᠶ ᠶᠢᠨ ᠬᠥᠨᠥᠭᠡᠯ ᠤᠨ ᠡᠳᠦᠷ ᠲᠤᠲᠤᠮ ᠤᠨ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠠᠯᠢ ᠴᠢᠳᠠᠬᠤ ᠪᠠᠷ ᠬᠤᠤᠷ ᠪᠠᠭ᠎ᠠ᠂ ᠦᠯᠡᠳᠡᠭᠳᠡᠯ ᠪᠠᠭ᠎ᠠ ᠠᠮᠢᠳᠤ ᠪᠣᠳᠠᠰ ᠤᠨ ᠲᠠᠷᠢᠶᠠᠨ ᠡᠮ ᠪᠠ ᠹᠢᠽᠢᠺ ᠤᠨ ᠲᠤᠰᠠᠭᠠᠷᠯᠠᠬᠤ ᠠᠷᠭ᠎ᠠ ᠬᠡᠮᠵᠢᠶ᠎ᠡ ᠶᠢ ᠬᠡᠷᠡᠭᠯᠡᠵᠦ᠂ ᠡᠭᠦᠨ ᠤ ᠤᠯᠠᠮ ᠠᠴᠠ ᠣᠷᠴᠢᠨ ᠲᠣᠭᠤᠷᠢᠨ ᠳᠤ ᠦᠵᠡᠭᠦᠯᠬᠦ ᠨᠠᠵᠠᠭᠠᠶ ᠨᠥᠯᠥᠭᠡ ᠶᠢ ᠪᠠᠭᠠᠰᠬᠠᠨ᠎ᠠ᠃     ᠪᠥᠬᠦ ᠲᠠᠯᠠᠪᠤᠷ ᠤᠨ ᠪᠣᠯᠪᠠᠰᠤᠷᠠᠭᠤᠯᠤᠯ ᠤᠨ ᠠᠭᠤᠯᠭ᠎ᠠ ᠨᠢ ᠡᠯᠪᠡᠭ ᠪᠠᠶᠠᠯᠢᠭ᠂ ᠬᠠᠭᠤᠷᠠᠶ ᠪᠠᠷᠠᠭ᠎ᠠ ᠨᠢ ᠳᠦᠭᠦᠷᠡᠩ ᠪᠠᠶᠢᠵᠤ᠂ ᠡᠯᠪᠡᠭ ᠪᠠᠶᠠᠯᠢᠭ ᠪᠣᠳᠠᠲᠤ ᠦᠵᠡᠮᠵᠢ ᠶᠢᠨ ᠵᠢᠷᠤᠭ ᠪᠠ ᠦᠨᠡᠨ ᠪᠣᠳᠠᠲᠠᠶ ᠬᠡᠷᠡᠭ ᠤᠨ ᠵᠢᠱᠢᠶ᠎ᠡ ᠪᠠᠷ ᠳᠠᠮᠵᠢᠭᠤᠯᠤᠨ᠂ ᠰᠤᠷᠤᠯᠴᠠᠭᠰᠠᠳ ᠤᠨ ᠡᠪᠡᠳᠴᠢᠨ ᠬᠤᠷᠣᠬᠠᠶ ᠶᠢᠨ ᠬᠥᠨᠥᠭᠡᠯ ᠤᠨ ᠲᠥᠷᠥᠯ ᠬᠡᠯᠪᠡᠷᠢ ᠶᠢ ᠣᠨᠣᠪᠴᠢᠲᠠᠶ ᠮᠠᠭᠠᠳᠯᠠᠵᠤ᠂ ᠴᠠᠭ ᠲᠤᠬᠠᠶ ᠳᠤᠨᠢ ᠬᠠᠨᠳᠤᠯᠭᠠᠲᠤ ᠴᠢᠨᠠᠷᠲᠠᠶ ᠰᠡᠷᠭᠡᠶᠢᠯᠡᠨ ᠵᠠᠰᠠᠬᠤ ᠠᠷᠭ᠎ᠠ ᠪᠠᠷᠢᠯ ᠢ ᠠᠪᠴᠤ᠂ ᠬᠠᠪᠤᠷ ᠤᠨ ᠤᠯᠠᠷᠢᠯ ᠤᠨ ᠴᠡᠴᠡᠷᠯᠢᠭ ᠤᠨ ᠨᠣᠭᠤᠭᠠᠷᠠᠭᠤᠯᠵᠤ ᠠᠷᠠᠴᠢᠯᠠᠨ ᠬᠠᠮᠠᠭᠠᠯᠠᠬᠤ ᠠᠵᠢᠯ ᠳᠤ ᠪᠠᠲᠤ ᠪᠠᠬᠢ ᠰᠠᠭᠤᠷᠢ ᠲᠠᠯᠪᠢᠵᠤ ᠥᠭᠭᠦᠨ᠎ᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号