ᠣᠯᠠᠨ ᠰᠠᠯᠠᠭ᠎ᠠ ᠮᠥᠴᠢᠷ ᠬᠠᠮᠲᠤᠷᠠᠨ ︽ᠨᠣᠭᠤᠭᠠᠷᠠᠭᠤᠯᠤᠯᠲᠠ ᠶᠢ ᠬᠠᠮᠠᠭᠠᠯᠠᠬᠤ︾ ᠲᠤᠬᠠᠶ ᠬᠠᠮᠲᠤ ᠪᠠᠷ ᠭᠡᠷ᠎ᠡ ᠲᠣᠭᠲᠠᠪᠠ
ᠨᠡᠶᠢᠲᠡᠯᠡᠭᠰᠡᠨ ᠴᠠᠭ᠄
2025/3/13
    ᠬᠠᠪᠤᠷ ᠤᠨ ᠡᠬᠢᠨ ᠤ ᠭᠤᠷᠪᠠᠨ ᠰᠠᠷ᠎ᠠ ᠳᠤ ᠬᠡᠭᠡᠷ᠎ᠡ ᠶᠢᠨ ᠭᠤᠷᠭᠤᠤᠯᠳᠠᠶ ᠨᠢᠰᠦᠨ᠎ᠡ᠃ 3 ᠰᠠᠷ᠎ᠠ ᠶᠢᠨ 12 ᠤ ᠡᠳᠦᠷ ᠤᠨ ᠮᠣᠳᠣ ᠳᠠᠷᠢᠬᠤ ᠪᠠᠶᠠᠷ ᠤᠨ ᠡᠳᠦᠷ ᠤᠨ ᠲᠤᠬᠠᠶ ᠶᠢᠨ ᠡᠳᠦᠷ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠵᠡᠷᠭᠡ ᠰᠠᠯᠠᠭ᠎ᠠ ᠮᠥᠴᠢᠷ ᠬᠠᠮᠲᠤᠷᠠᠨ ︽ᠨᠣᠭᠤᠭᠠᠨ ᠭᠠᠵᠠᠷ ᠤᠨ ᠶᠡᠭᠡ ᠴᠡᠪᠡᠷᠯᠡᠯᠲᠡ︾ ᠶᠢᠨ ᠠᠵᠢᠯᠯᠠᠭ᠎ᠠ ᠥᠷᠨᠢᠭᠦᠯᠪᠡ᠃
     ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠡᠯ᠎ᠡ ᠰᠠᠯᠠᠭ᠎ᠠ ᠮᠥᠴᠢᠷ ᠤᠨ ᠠᠵᠢᠯᠲᠠᠳ ᠤᠨ ᠡᠷᠴᠢ ᠵᠣᠷᠢᠭ ᠲᠡᠭᠦᠯᠳᠡᠷ ᠪᠠᠶᠢᠯ᠎ᠠ᠃ ᠣᠯᠠᠨ ᠢᠶᠠᠷ ᠢᠶᠠᠨ ᠬᠠᠨᠴᠤᠢ ᠪᠠᠨ ᠰᠢᠮᠠᠯᠠᠨ᠂ ᠭᠠᠷ ᠲᠠᠭᠠᠨ ᠬᠦᠷᠵᠡ ᠠᠳᠬᠤᠵᠤ᠂ ᠰᠠᠶᠢᠨ ᠳᠤᠷ᠎ᠠ ᠠᠴᠠ ᠪᠠᠨ ᠵᠣᠬᠢᠶᠠᠨ ᠪᠠᠶᠢᠭᠤᠯᠵᠤ ᠠᠵᠢᠯ ᠢᠶᠠᠨ ᠬᠤᠪᠢᠶᠠᠷᠢᠯᠠᠵᠤ᠂ ᠤᠷᠢᠳ ᠢᠶᠠᠷ ᠬᠤᠪᠢᠶᠠᠭᠰᠠᠨ ᠣᠷᠣᠨ ᠪᠦᠰᠡ ᠪᠠᠷ ᠢᠶᠠᠨ ᠬᠥᠳᠡᠯᠦᠯᠴᠡᠪᠡ᠃ ᠡᠪᠡᠰᠦ ᠶᠢ ᠠᠷᠢᠯᠭᠠᠨ ᠡᠪᠡᠰᠦ ᠠᠷᠢᠯᠭᠠᠬᠤ᠂ ᠪᠡᠯᠴᠢᠭᠡᠷ ᠤᠨ ᠬᠤᠭ ᠨᠣᠪᠰᠢ ᠶᠢ ᠰᠣᠩᠭᠤᠨ ᠵᠥᠭᠡᠭᠡᠪᠦᠷᠢᠯᠡᠬᠦ ᠠᠴᠠ ᠠᠪᠤᠭᠠᠳ ᠡᠮᠬᠢ ᠵᠠᠮᠪᠠᠷᠠᠭ᠎ᠠ ᠲᠠᠢ ᠪᠠᠷ ᠬᠠᠷᠢᠯᠴᠠᠨ ᠬᠠᠮᠵᠢᠯᠴᠠᠵᠤ᠂ ᠪᠦᠬᠦ᠋ᠢᠯᠡ ᠬᠥᠳᠡᠯᠮᠦᠷᠢ ᠶᠢᠨ ᠲᠠᠯᠠᠪᠠᠢ ᠡᠶ᠎ᠡ ᠵᠣᠬᠢᠴᠠᠯ ᠲᠠᠢ ᠡᠮᠬᠢ ᠵᠢᠷᠤᠮ ᠲᠠᠢ ᠪᠠᠶᠢᠪᠠ᠃ ᠠᠵᠢᠯᠯᠠᠭ᠎ᠠ ᠳᠤ ᠣᠷᠣᠯᠴᠠᠭᠰᠠᠨ ᠺᠠᠳ᠋ᠷ ᠠᠵᠢᠯᠳᠠᠨ ᠠᠵᠢᠯᠴᠢᠨ ᠬᠥᠳᠡᠯᠮᠦᠷᠢ ᠠᠴᠠ ᠪᠣᠯᠤᠭᠰᠠᠨ ᠪᠠᠶᠠᠷ ᠪᠠᠭ᠋ᠠᠳᠤᠯ ᠢ ᠪᠡᠶ᠎ᠡ ᠪᠠᠷ ᠢᠶᠠᠨ ᠪᠡᠶᠡᠴᠢᠯᠡᠨ ᠣᠶᠢᠯᠠᠭᠠᠵᠤ᠂ ᠣᠷᠴᠢᠨ ᠲᠣᠭᠤᠷᠢᠨ ᠢᠶᠠᠨ ᠭᠤᠶᠤᠵᠢᠭᠤᠯᠬᠤ ᠪᠠᠶᠠᠷ ᠪᠠᠶᠠᠰᠤᠯ ᠢ ᠮᠡᠳᠡᠷᠡᠵᠦ᠂ ᠪᠣᠳᠠᠲᠤ ᠠᠵᠢᠯᠯᠠᠭ᠎ᠠ ᠪᠠᠷ ᠢᠶᠠᠨ ᠮᠣᠳᠣ ᠲᠠᠷᠢᠬᠤ ᠪᠠᠶᠠᠷ ᠤᠨ ᠡᠳᠦᠷ ᠤᠨ ᠠᠴᠢ ᠬᠤᠯᠪᠣᠭᠳᠠᠯ ᠢ ᠲᠠᠶᠢᠯᠪᠤᠷᠢᠯᠠᠪᠠ᠃
    ᠲᠣᠰ ᠤᠳᠠᠭᠠᠨ ᠤ ︽ᠨᠣᠭᠤᠭᠠᠨ ᠭᠠᠵᠠᠷ ᠤᠨ ᠶᠡᠭᠡ ᠴᠡᠪᠡᠷᠯᠡᠯᠲᠡ︾ ᠶᠢᠨ ᠠᠵᠢᠯᠯᠠᠭ᠎ᠠ ᠪᠣᠯ ᠪᠣᠬᠢᠷᠲᠤᠯ ᠥᠬᠡᠶ ᠬᠥᠭᠵᠢᠯᠲᠡ ᠶᠢᠨ ᠣᠨᠣᠯᠵᠢᠬᠤᠨ ᠢ ᠦᠢᠯᠡᠳᠦᠯᠭᠡᠵᠢᠬᠦᠯᠬᠦ᠂ ᠦᠵᠡᠰᠬᠦᠯᠡᠩᠲᠦ ᠰᠠᠶᠢᠬᠠᠨ ᠤᠮᠠᠷᠠᠲᠤ ᠬᠢᠯᠢ ᠶᠢ ᠪᠥᠲᠥᠭᠡᠨ ᠪᠠᠶᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠣᠷᠴᠢᠨ ᠠᠬᠤᠶ ᠶᠢ ᠭᠤᠶᠣᠯᠠᠭᠰᠠᠨ ᠢᠶᠠᠷ ᠪᠠᠷᠠᠬᠤ ᠥᠬᠡᠶ᠂ ᠬᠤᠲᠠ ᠶᠢᠨ ᠠᠷᠠᠳ ᠣᠯᠠᠨ ᠢ ᠢᠳᠡᠪᠬᠢᠲᠡᠶ ᠣᠷᠣᠯᠴᠠᠭᠤᠯᠵᠤ᠂ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠵᠢᠵᠢᠭ ᠰᠠᠵᠢᠭ ᠵᠦᠢᠯ ᠠᠴᠠ ᠡᠬᠢᠯᠡᠨ ᠬᠢᠵᠦ᠂ ᠪᠣᠬᠢᠷᠲᠤᠯ ᠥᠬᠡᠶ᠂ ᠴᠡᠪᠡᠷ ᠴᠡᠮᠴᠡᠭᠡᠷ᠂ ᠦᠵᠡᠰᠬᠦᠯᠡᠩᠲᠦ ᠰᠠᠶᠢᠬᠠᠨ ᠤᠮᠠᠷᠠᠲᠤ ᠬᠢᠯᠢ ᠶᠢᠨ ᠪᠣᠭᠤᠮᠲᠠ ᠶᠢ ᠪᠥᠲᠥᠭᠡᠨ ᠪᠠᠶᠢᠭᠤᠯᠬᠤ ᠳᠤ ᠬᠠᠮᠲᠤ ᠪᠠᠷ ᠬᠦᠴᠦᠨ ᠴᠢᠳᠠᠯ ᠢᠶᠠᠨ ᠡᠷᠭᠦᠬᠦ ᠶᠢ ᠤᠷᠢᠶᠠᠯᠠᠵᠤ ᠪᠠᠶᠢᠨ᠎ᠠ︕
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号