︽ᠨᠢᠭᠡ ᠬᠤᠲᠠ ᠬᠤᠶᠠᠷ ᠬᠤᠰᠢᠭᠤ︾ ᠶᠢᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠣᠷᠣᠨ ᠪᠦᠰᠡ ᠶᠢᠨ ᠬᠠᠮᠲᠤᠷᠠᠯᠴᠠᠭᠠᠨ ᠤ ᠬᠡᠯᠡᠯᠴᠡᠭᠡᠷ ᠮᠠᠨ ᠤ ᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2025/3/13
   3 ᠰᠠᠷ᠎ᠠ ᠶᠢᠨ 12 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠥᠨᠢᠳ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠥᠨᠢᠳ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠭᠤᠷᠪᠠᠨ ᠭᠠᠵᠠᠷ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠣᠷᠣᠨ ᠪᠦᠰᠡ ᠶᠢᠨ ᠬᠠᠮᠲᠤᠷᠠᠯᠴᠠᠭᠠᠨ ᠤ ᠭᠡᠷ᠎ᠡ ᠲᠣᠭᠲᠠᠬᠤ ᠶᠣᠰᠣᠯᠠᠯ ᠮᠠᠨ ᠤ ᠬᠤᠲᠠ ᠳᠤ ᠶᠠᠪᠤᠭᠳᠠᠪᠠ᠃    ᠬᠤᠷᠠᠯ ᠳᠡᠭᠡᠷ᠎ᠡ᠂ ᠭᠤᠷᠪᠠᠨ ᠭᠠᠵᠠᠷ ᠤᠨ ᠤᠬᠠᠭᠤᠯᠬᠤ ᠬᠡᠯᠲᠡᠰ ᠬᠠᠮᠲᠤᠷᠠᠨ ᠠᠵᠢᠯᠯᠠᠬᠤ ᠪᠦᠳᠦᠭᠦᠪᠴᠢ ᠬᠡᠯᠡᠯᠴᠡᠭᠡᠷ ᠲᠣᠭᠲᠠᠵᠤ᠂ ᠤᠬᠠᠭᠤᠯᠬᠤ ᠬᠡᠯᠲᠡᠰ ᠤᠨ ᠳᠠᠷᠤᠭ᠎ᠠ ᠲᠣᠰ ᠲᠣᠰ ᠲᠣᠰ ᠤᠬᠠᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠲᠣᠪᠴᠢ ᠲᠠᠨᠢᠯᠴᠠᠭᠤᠯᠭ᠎ᠠ ᠬᠢᠪᠡ᠃
  ᠬᠤᠷᠠᠯ ᠳᠤ ᠣᠷᠣᠯᠴᠠᠭᠰᠠᠳ ᠰᠣᠶᠣᠯ ᠤᠷᠠᠯᠢᠭ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠠᠮᠲᠤᠷᠠᠯᠴᠠᠭ᠎ᠠ᠂ ᠰᠣᠶᠣᠯ ᠤᠨ ᠦᠢᠯᠡᠰ ᠢ ᠬᠠᠮᠲᠤᠪᠠᠷ ᠪᠠᠶᠢᠭᠤᠯᠬᠤ᠂ ᠤᠯᠠᠮᠵᠢᠯᠠᠬᠤ ᠬᠦᠴᠦᠨ ᠢ ᠳᠡᠭᠡᠭᠰᠢᠯᠡᠭᠦᠯᠬᠦ᠂ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ᠂ ᠴᠢᠳᠠᠪᠤᠷᠢᠲᠠᠨ ᠢ ᠬᠥᠮᠦᠵᠢᠭᠦᠯᠬᠦ ᠵᠡᠷᠭᠡ ᠲᠠᠯ᠎ᠠ ᠪᠠᠷ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃
   ᠬᠤᠷᠠᠯ ᠠᠴᠠ᠂ ᠭᠤᠷᠪᠠᠨ ᠭᠠᠵᠠᠷ ᠪᠣᠯ ᠦᠨᠳᠦᠰᠦ ᠰᠤᠷᠪᠤᠯᠵᠢ ᠨᠢᠭᠡᠲᠡᠢ᠂ ᠰᠣᠶᠣᠯ ᠤᠨ ᠰᠤᠳᠠᠰᠤ ᠬᠤᠯᠪᠣᠯᠳᠤᠵᠤ᠂ ᠤᠷᠳᠤ ᠬᠤᠭᠤᠴᠠᠭᠠᠨ ᠤ ᠲᠤᠷᠰᠢ ᠨᠢᠭᠲᠠ ᠪᠥᠭᠡᠳ ᠨᠥᠬᠦᠷᠰᠡᠭ ᠬᠠᠷᠢᠴᠠᠭ᠎ᠠ ᠪᠠᠨ ᠪᠠᠲᠤᠯᠠᠵᠤ ᠪᠠᠶᠢᠳᠠᠭ᠃ ᠭᠤᠷᠪᠠᠨ ᠭᠠᠵᠠᠷ ᠤᠨ ᠬᠢᠨ ᠲᠣᠰ ᠤᠳᠠᠭᠠᠨ ᠤ ᠭᠡᠷ᠎ᠡ ᠲᠣᠭᠲᠠᠬᠤ ᠪᠠᠷ ᠰᠢᠨ᠎ᠡ ᠭᠠᠷᠤᠭ᠎ᠠ ᠪᠣᠯᠭᠠᠵᠤ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠨᠡᠭᠡᠭᠡᠯᠲᠡ ᠬᠢᠵᠦ ᠬᠠᠮᠲᠤᠷᠠᠯᠴᠠᠬᠤ᠂ ᠬᠠᠮᠲᠤ ᠪᠠᠷ ᠬᠥᠭᠵᠢᠬᠦ᠂ ᠲᠣᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠤᠬᠠᠭᠤᠯᠤᠨ ᠲᠠᠶᠢᠯᠪᠤᠷᠢᠯᠠᠬᠤ᠂ ᠰᠣᠶᠣᠯ ᠤᠨ ᠪᠠᠶᠢᠭᠤᠯᠤᠯᠲᠠ᠂ ᠣᠶᠤᠨ ᠤ ᠪᠣᠯᠪᠠᠰᠤᠨ ᠤ ᠪᠠᠶᠢᠭᠤᠯᠤᠯᠲᠠ᠂ ᠭᠠᠳᠠᠭᠠᠳᠤ ᠤᠬᠠᠭᠤᠯᠭ᠎ᠠ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ᠂ ᠵᠠᠭᠤᠴᠢᠯᠠᠭᠤᠷ ᠤᠨ ᠠᠭᠤᠰᠤᠯᠴᠠᠯ ᠵᠡᠷᠭᠡ ᠲᠠᠯ᠎ᠠ ᠪᠠᠷ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠢᠳᠡᠪᠬᠢ ᠬᠦᠴᠦᠨ ᠢ ᠢᠳᠡᠪᠬᠢᠲᠡᠶ ᠤᠯᠠᠮᠵᠢᠯᠠᠵᠤ᠂ ᠭᠤᠷᠪᠠᠨ ᠭᠠᠵᠠᠷ ᠤᠨ ᠥᠯᠢᠭᠡᠷ ᠢ ᠰᠠᠶᠢᠲᠤᠷ ᠶᠠᠷᠢᠪᠠ᠃ ᠬᠠᠷᠢᠯᠴᠠᠨ ᠦᠢᠯᠡᠳᠦᠯᠴᠡᠬᠦ ᠪᠠ ᠰᠣᠯᠢᠯᠴᠠᠬᠤ ᠶᠢ ᠴᠢᠩᠭᠠᠳᠬᠠᠬᠤ ᠪᠠᠷ ᠳᠠᠮᠵᠢᠭᠤᠯᠤᠨ᠂ ᠰᠣᠯᠢᠯᠴᠠᠭ᠎ᠠ ᠬᠠᠮᠲᠤᠷᠠᠯᠴᠠᠭ᠎ᠠ ᠶᠢ ᠨᠡᠩ ᠭᠦᠨ ᠳᠠᠪᠬᠤᠷᠭ᠎ᠠ᠂ ᠨᠡᠩ ᠥᠷᠭᠡᠨ ᠬᠦᠷᠢᠶ᠎ᠡ ᠲᠡᠰᠢ ᠬᠥᠭᠵᠢᠭᠦᠯᠬᠦ ᠶᠢ ᠬᠠᠮᠲᠤᠪᠠᠷ ᠠᠬᠢᠭᠤᠯᠵᠤ᠂ ᠣᠷᠣᠨ ᠪᠦᠰᠡ ᠶᠢᠨ ᠬᠥᠭᠵᠢᠯ ᠴᠡᠴᠡᠭᠯᠡᠯ ᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ᠃ ᠲᠤᠰ ᠡᠳᠦᠷ᠂ ᠭᠤᠷᠪᠠᠨ ᠭᠠᠵᠠᠷ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠪᠠᠰᠠ ᠣᠷᠣᠨ ᠪᠦᠰᠡ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠤ ᠭᠠᠷ ᠤᠨ ᠦᠰᠦᠭ ᠵᠢᠷᠤᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号