2024 ᠣᠨ ᠤ 12 ᠰᠠᠷ᠎ᠠ ᠶᠢᠨ 31 ᠤ ᠡᠳᠦᠷ ᠪᠣᠯᠲᠠᠯ᠎ᠠ᠂ ᠡᠩ ᠤᠨ ᠣᠯᠠᠨ ᠨᠡᠶᠢᠲᠡ ᠶᠢᠨ ᠲᠥᠰᠦᠪ ᠤᠨ | ᠣᠷᠣᠯᠭ᠎ᠠ ᠶᠢ 45207 ᠲᠦᠮᠡᠨ ᠲᠥᠭᠦᠷᠢᠭ ᠪᠡᠶᠡᠯᠡᠭᠦᠯᠵᠦ᠂ ᠵᠢᠯ ᠤᠨ ᠡᠬᠢᠨ ᠤ ᠲᠥᠰᠦᠪ ᠤᠨ 150.69% ᠶᠢ | ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 17286 ᠲᠦᠮᠡᠨ ᠲᠥᠭᠦᠷᠢᠭ ᠨᠡᠮᠡᠭᠳᠡᠵᠦ᠂ 61.91% ᠪᠠᠷ | ᠨᠡᠮᠡᠭᠳᠡᠪᠡ︔ ᠡᠭᠦᠨ ᠳᠤ᠄ ᠭᠠᠶᠢᠯᠢ ᠲᠠᠲᠠᠪᠤᠷᠢ ᠶᠢᠨ ᠣᠷᠣᠯᠭ᠎ᠠ 39508 ᠲᠦᠮᠡᠨ ᠲᠥᠭᠦᠷᠢᠭ ᠢ ᠪᠡᠶᠡᠯᠡᠭᠦᠯᠵᠦ᠂ | ᠵᠢᠯ ᠤᠨ ᠡᠬᠢᠨ ᠤ ᠲᠥᠰᠦᠪ ᠤᠨ 164.62% ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 17034 | ᠲᠦᠮᠡᠨ ᠲᠥᠭᠦᠷᠢᠭ ᠨᠡᠮᠡᠭᠳᠡᠵᠦ᠂ 75.79% ᠪᠠᠷ ᠨᠡᠮᠡᠭᠳᠡᠪᠡ︔ ᠭᠠᠶᠢᠯᠢ ᠶᠢᠨ ᠪᠤᠰᠤ ᠣᠷᠣᠯᠭ᠎ᠠ 5699 ᠲᠦᠮᠡᠨ | ᠲᠥᠭᠦᠷᠢᠭ ᠢ ᠪᠡᠶᠡᠯᠡᠭᠦᠯᠵᠦ᠂ ᠵᠢᠯ ᠤᠨ ᠡᠬᠢᠨ ᠤ ᠲᠥᠰᠦᠪ ᠤᠨ ᠲᠤᠭ᠎ᠠ ᠶᠢᠨ 94.98% ᠶᠢ ᠪᠡᠶᠡᠯᠡᠭᠦᠯᠵᠦ᠂ | ᠠᠳᠠᠯᠢ ᠬᠤᠭᠤᠴᠠᠭᠠᠨ ᠤ ᠬᠢ ᠠᠴᠠ 252 ᠲᠦᠮᠡᠨ ᠲᠥᠭᠦᠷᠢᠭ ᠨᠡᠮᠡᠭᠳᠡᠵᠦ᠂ 4.63% ᠪᠠᠷ ᠨᠡᠮᠡᠭᠳᠡᠪᠡ᠃ | ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ 210517 ᠲᠦᠮᠡᠨ ᠲᠥᠭᠦᠷᠢᠭ ᠢ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 4263 ᠲᠦᠮᠡᠨ ᠲᠥᠭᠦᠷᠢᠭ ᠪᠠᠭᠠᠰᠴᠤ᠂ 1.98% ᠪᠠᠷ ᠪᠠᠭᠤᠷᠠᠪᠠ᠃ ᠵᠠᠰᠠᠭ ᠤᠨ | ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠣᠷᠣᠯᠭ᠎ᠠ 16498 ᠲᠦᠮᠡᠨ ᠲᠥᠭᠦᠷᠢᠭ᠂ 18354 ᠲᠦᠮᠡᠨ | ᠲᠥᠭᠦᠷᠢᠭ ᠵᠠᠷᠤᠴᠠᠭᠤᠯᠪᠠ︔ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ | ᠣᠷᠣᠯᠭ᠎ᠠ 1835 ᠲᠦᠮᠡᠨ ᠲᠥᠭᠦᠷᠢᠭ᠂ ᠵᠠᠷᠤᠯᠭ᠎ᠠ 1018 ᠲᠦᠮᠡᠨ ᠲᠥᠭᠦᠷᠢᠭ ᠬᠦᠷᠪᠡ᠃ |