ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ
ᠨᠡᠶᠢᠲᠡᠯᠡᠭᠰᠡᠨ ᠴᠠᠭ᠄
2025/3/14
   3 ᠰᠠᠷ᠎ᠠ ᠶᠢᠨ 13 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ 2025 ᠣᠨ ᠤ 10 ᠳ᠋ᠤᠭᠠᠷ ᠤᠳᠠᠭᠠᠨ ᠤ ᠬᠤᠷᠠᠯ ᠵᠢᠴᠢ ᠬᠤᠲᠠ ᠶᠢᠨ ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠤᠨ 5 ᠳ᠋ᠤᠭᠠᠷ ᠤᠳᠠᠭᠠᠨ ᠤ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠰᠠᠨ ᠱᠢ ᠬᠤᠷᠠᠯ ᠢ ᠡᠷᠭᠢᠯᠡᠪᠡ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠠᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠥᠭᠵᠢᠯᠲᠡ ᠶᠢᠨ ᠢᠲᠡᠭᠡᠯ ᠢᠶᠠᠨ ᠤᠯᠠᠮ ᠴᠢᠨᠠᠭᠰᠢᠳᠠ ᠪᠠᠲᠤᠳᠬᠠᠵᠤ᠂ ᠠᠵᠤ ᠠᠬᠤᠢ ᠶᠢᠨ ᠠᠵᠢᠯᠯᠠᠭᠠᠨ ᠤ ᠲᠤᠬᠢᠷᠠᠭᠤᠯᠤᠯᠳᠠ ᠶᠢ ᠴᠢᠩᠭᠠᠳᠬᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠶᠠᠪᠤᠴᠠ ᠶᠢ ᠰᠢᠯᠢᠳᠡᠭᠵᠢᠭᠦᠯᠵᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠢ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃ ᠤᠯᠤᠰ ᠤᠨ ᠠᠯᠢ ᠣᠯᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠣᠨᠣᠪᠴᠢᠲᠠᠶ ᠣᠶᠢᠯᠠᠭᠠᠵᠤ᠂ ᠭᠠᠷᠴᠤ ᠶᠠᠪᠤᠵᠤ᠂ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ᠂ ᠪᠠᠯᠠ ᠮᠥᠩᠭᠦ ᠶᠢᠨ ᠳᠡᠮᠵᠢᠯᠭᠡ ᠶᠢ ᠢᠳᠡᠪᠬᠢᠲᠡᠶ ᠤᠯᠬᠤ ᠬᠡᠷᠡᠭᠲᠡᠶ᠃ ᠬᠤᠲᠠ ᠶᠢᠨ ᠨᠠᠮ ᠤᠨ ᠬᠤᠷᠢᠶ᠎ᠠ ᠥᠩᠭᠡᠷᠡᠭᠰᠡᠨ ᠲᠠᠢ ᠪᠠᠨ ᠠᠳᠠᠯᠢ ᠪᠠᠷ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠪᠠ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ᠠᠵᠢᠯ ᠢ ᠳᠡᠮᠵᠢᠵᠦ᠂ ᠪᠥᠬᠦ ᠬᠤᠲᠠ ᠶᠢᠨ ᠳᠡᠭᠡᠳᠦ ᠳᠣᠤᠷᠠᠳᠤ ᠱᠠᠲᠤ ᠶᠢ ᠪᠦᠯᠬᠦᠮᠳᠡᠭᠦᠯᠦᠨ ᠳᠠᠭᠠᠭᠤᠯᠵᠤ ᠵᠡᠷᠭᠡ ᠪᠠᠷ ᠤᠷᠤᠭᠰᠢᠯᠠᠵᠤ᠂ ᠵᠡᠷᠭᠡ ᠪᠠᠷ ᠬᠦᠴᠦᠯᠡᠵᠦ᠂ ᠪᠥᠬᠦ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠪᠥᠬᠦ ᠬᠦᠴᠦᠨ ᠢᠶᠠᠷ ᠢᠶᠠᠨ ᠪᠡᠶᠡᠯᠡᠭᠦᠯᠦᠨ᠎ᠡ ᠬᠡᠵᠡᠢ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠪᠠ ᠶᠢᠰᠦᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠬᠥᠭᠵᠢᠭᠦᠯᠬᠦ ᠪᠣᠯ ᠬᠠᠲᠠᠭᠤ ᠶᠣᠰᠣ᠂ ᠠᠮᠤᠷ ᠲᠦᠪᠰᠢᠨ ᠪᠣᠯ ᠪᠠᠰᠠ ᠬᠠᠲᠠᠭᠤ ᠶᠣᠰᠣ︾ ᠭᠡᠬᠦ ᠣᠶᠢᠯᠠᠭᠠᠭᠳᠠᠬᠤᠨ ᠢ ᠤᠯᠠᠮ ᠴᠢᠨᠠᠭᠰᠢᠳᠠ ᠪᠤᠢ ᠪᠣᠯᠭᠠᠵᠤ᠂ ᠡᠶ᠎ᠡ ᠵᠣᠬᠢᠴᠠᠩᠭᠤᠢ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ︾ ᠶᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠬᠦᠷᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠠᠷᠢᠯᠭᠠᠬᠤ ᠪᠠ ᠤᠷᠢᠳᠴᠢᠯᠠᠨ ᠰᠡᠷᠭᠡᠶᠢᠯᠡᠬᠦ ᠠᠵᠢᠯ ᠢ ᠪᠠᠶᠢᠩᠭᠤᠵᠢᠭᠤᠯᠤᠨ ᠰᠠᠶᠢᠲᠤᠷ ᠬᠢᠵᠦ ᠂ ᠡᠯ᠎ᠡ ᠲᠦᠷᠦᠯ ᠤᠨ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ᠃    ᠬᠤᠷᠠᠯ ᠠᠴᠠ ︽ᠬᠤᠳᠠ ᠶᠢᠨ ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠤᠨ 2024 ᠣᠨ ᠤ ᠠᠵᠢᠯ ᠤᠨ ᠳ᠋ᠦᠩᠨᠡᠯᠲᠡ ᠪᠠ 2025 ᠣᠨ ᠤ ᠠᠵᠢᠯ ᠤᠨ ᠭᠤᠣᠯᠳᠠᠯᠭ᠎ᠠ ︵ᠶᠠᠷᠢᠯᠴᠠᠬᠤ ᠨᠤᠤᠷᠠᠭ︶︾᠂ ︽ᠬᠤᠳᠠ ᠶᠢᠨ ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠤᠨ 2025 ᠣᠨ ᠤ ᠬᠢᠨᠠᠨ ᠪᠤᠳᠤᠬᠤ ᠲᠦᠷᠦᠯ ᠵᠦᠢᠯ ᠤᠨ ᠲᠥᠯᠥᠪᠯᠡᠭᠡ ︵ᠶᠠᠷᠢᠯᠴᠠᠬᠤ ᠨᠤᠤᠷᠠᠭ︶︾ ᠶᠢ ᠰᠤᠳᠤᠯᠤᠨ ᠶᠠᠷᠢᠯᠴᠠᠵᠤ᠂ ︽ᠬᠤᠶᠠᠷ ᠶᠡᠭᠡ ᠶᠠᠪᠤᠳᠠᠯ︾᠂ ︽ᠵᠢᠷᠭᠤᠭᠠᠨ ᠢᠨᠵᠧᠨᠧᠷᠢᠩ︾᠂ ︽ᠵᠢᠷᠭᠤᠭᠠᠨ ᠠᠵᠢᠯᠯᠠᠭ᠎ᠠ︾ ᠵᠡᠷᠭᠡ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ᠂ ᠬᠢᠨᠠᠨ ᠪᠤᠳᠤᠬᠤ ᠬᠢᠨᠠᠯᠲᠠ ᠲᠠᠯᠪᠢᠬᠤ ᠦᠢᠯᠡᠳᠦᠯ ᠢ ᠴᠢᠩᠭᠠᠳᠬᠠᠵᠤ᠂ ᠬᠢᠨᠠᠨ ᠪᠤᠳᠤᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠢ ᠠᠳᠬᠤᠵᠤ᠂ ᠬᠦᠴᠦᠲᠡᠢ ᠪᠥᠭᠡᠳ ᠪᠦᠲᠦᠮᠵᠢᠲᠡᠢ ᠬᠢᠨᠠᠯᠲᠠ ᠲᠠᠯᠪᠢᠵᠤ ᠦᠢᠯᠡᠴᠢᠯᠡᠬᠦ ᠪᠠᠷ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ︽ᠡᠷᠢᠶᠡᠨ ᠬᠤᠲᠠ ᠶᠢᠨ ᠬᠤᠶᠠᠳᠤᠭᠠᠷ ᠡᠭᠡᠯᠵᠢ ᠶᠢᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠮᠡᠳᠡᠭᠦᠯᠦᠯᠲᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠴᠡᠭᠴᠡᠯᠡᠨ ᠰᠠᠶᠢᠵᠢᠷᠠᠭᠤᠯᠬᠤ ᠲᠥᠰᠥᠯ ︵ᠶᠠᠷᠢᠯᠴᠠᠬᠤ ᠨᠣᠣᠷᠠᠭ︶︾ ᠢ ᠰᠤᠳᠤᠯᠤᠨ ᠬᠢᠨᠠᠨ ᠵᠥᠪᠯᠡᠵᠦ᠂ ᠳᠡᠭᠡᠳᠦ ᠱᠠᠳᠤ ᠨᠢ ᠳᠤᠤᠷᠠᠳᠦ ᠱᠠᠳᠤ ᠪᠠᠨ ᠳᠠᠭᠠᠭᠤᠯᠬᠤ᠂ ᠪᠢᠲᠡᠭᠦᠦ ᠴᠠᠭᠠᠷᠢᠭ ᠢᠶᠠᠷ ᠠᠬᠢᠭᠤᠯᠬᠤ ᠶᠢ ᠪᠠᠷᠢᠮᠲᠠᠯᠠᠵᠤ᠂ ᠡᠳᠦᠷ ᠳᠤᠳᠤᠮ ᠤᠨ ᠳᠤᠬᠢᠷᠠᠭᠤᠯᠤᠯᠲᠠ ᠪᠠᠨ ᠴᠢᠩᠭᠠᠳᠬᠠᠵᠤ᠂ ᠰᠢᠮᠳᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠠᠰᠠᠭᠤᠳᠠᠯ ᠢ ᠡᠷᠲᠡ ᠴᠡᠪᠡᠷᠯᠡᠵᠦ᠂ ᠦᠨᠡᠨᠬᠦ ᠰᠢᠢᠳᠪᠦᠷᠢᠯᠡᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号