| | ᠪᠦᠬᠦ ᠬᠤᠲᠠ ᠶᠢᠨ ᠨᠠᠰᠣᠳᠠᠶᠢᠴᠣᠳ ᠤᠨ ᠰᠣᠶᠣᠯ ᠤᠨ ᠠᠮᠢᠳᠤᠷᠠᠯ ᠢ ᠤᠯᠠᠮ ᠨᠢᠭᠡ ᠠᠯᠬᠤᠮ ᠬᠥᠭᠵᠢᠶᠡᠨᠲᠡᠢ ᠪᠣᠯᠭᠠᠵᠤ᠂ | ᠥᠷᠭᠡᠨ ᠣᠯᠠᠨ ᠠᠭᠤᠳᠠᠮ ᠲᠠᠯᠠᠪᠠᠢ ᠶᠢᠨ ᠪᠥᠵᠢᠭ ᠤᠨ ᠮᠡᠷᠭᠡᠵᠢᠯ ᠢᠶᠠᠨ ᠳᠡᠭᠡᠭᠰᠢᠯᠡᠬᠦᠯᠬᠦ ᠶᠢᠨ ᠳᠣᠯᠠᠳᠠ᠂ 3 ᠰᠠᠷ᠎ᠠ ᠶᠢᠨ | 17 ᠤ ᠡᠳᠦᠷ᠂ ︽ᠪᠦᠵᠢᠭ ᠳᠠᠭᠤᠦ ᠪᠠᠷ ᠤᠮᠠᠷᠠᠲᠤ ᠬᠢᠯᠢ ᠪᠠᠨ ᠭᠤᠶᠣ ᠰᠠᠶᠢᠬᠠᠨ ᠪᠣᠯᠭᠠᠬᠤ︾ 2025 ᠣᠨ ᠤ ᠪᠦᠬᠦ | ᠬᠤᠲᠠ ᠶᠢᠨ ᠠᠭᠤᠳᠠᠮ ᠲᠠᠯᠠᠪᠠᠢ ᠶᠢᠨ ᠪᠥᠵᠢᠭ ᠤᠨ ᠪᠣᠯᠪᠠᠰᠤᠷᠠᠯ ᠤᠨ ᠠᠩᠭᠢ ᠰᠤᠷᠤᠯᠭ᠎ᠠ ᠡᠬᠢᠯᠡᠪᠡ᠃ | ᠪᠣᠯᠪᠠᠰᠤᠷᠠᠯ ᠤᠨ ᠲᠤᠬᠠᠶ ᠶᠢᠨ ᠲᠠᠯᠠᠪᠤᠷ ᠲᠤ᠂ ᠬᠢᠴᠢᠶᠡᠯᠯᠡᠬᠦ ᠪᠠᠭᠰᠢ ᠨᠠᠷᠢᠨ ᠬᠢᠨᠠᠮᠠᠭᠠᠶ ᠵᠢᠯᠣᠭᠤᠳᠴᠤ᠂ ᠰᠣᠩᠭᠤᠳᠠᠭ | ᠪᠥᠵᠢᠭ ᠤᠨ ᠠᠯᠬᠤᠭ᠎ᠠ ᠠᠴᠠ ᠰᠢᠨ᠎ᠡ ᠶᠢ ᠡᠭᠦᠳᠦᠨ ᠨᠠᠶᠢᠷᠠᠭᠤᠯᠬᠤ ᠬᠦᠷᠲᠡᠯ᠎ᠡ᠂ ᠨᠠᠷᠢᠨ ᠵᠦᠢᠯᠡᠰ ᠢ ᠲᠤᠩᠭᠠᠨ | ᠪᠣᠳᠣᠯᠬᠢᠯᠠᠬᠤ ᠠᠴᠠ ᠳᠦᠷᠢ ᠪᠠᠶᠢᠳᠠᠯ ᠢᠯᠡᠷᠡᠬᠦ ᠬᠦᠷᠲᠡᠯ᠎ᠡ᠂ ᠬᠦᠯᠢᠴᠡᠩᠭᠦᠶ ᠨᠢᠮᠪᠠᠶ ᠳᠠᠬᠢᠨ ᠳᠠᠪᠲᠠᠨ ᠵᠢᠱᠢᠶ᠎ᠡ ᠦᠵᠡᠭᠦᠯᠵᠦ᠂ | ᠪᠥᠵᠢᠭ ᠤᠨ ᠬᠥᠳᠡᠯᠭᠡᠭᠡᠨ ᠨᠢᠭᠡᠪᠦᠷᠢ ᠶᠢ ᠨᠠᠷᠢᠨ ᠨᠢᠮᠪᠠᠶ ᠵᠠᠳᠠᠯᠪᠠ᠃ ᠰᠤᠷᠤᠭᠴᠢᠳ ᠰᠤᠷᠤᠯᠴᠠᠯᠭ᠎ᠠ ᠶᠢᠨ ᠬᠠᠯᠠᠭᠤᠨ | ᠰᠡᠳᠬᠢᠯᠭᠡ ᠣᠷᠭᠢᠯᠵᠤ᠂ ᠠᠩᠬᠠᠷᠤᠯ ᠢᠶᠠᠨ ᠲᠥᠪᠯᠡᠷᠡᠭᠦᠯᠦᠨ ᠰᠣᠨᠣᠰᠴᠤ᠂ ᠬᠥᠳᠡᠯᠦᠯ ᠪᠠᠷᠢᠯ ᠨᠢᠭᠡᠪᠦᠷᠢ ᠶᠢᠨ ᠨᠠᠷᠢᠨ | ᠵᠦᠢᠯᠡᠰ ᠢ ᠨᠠᠷᠢᠨ ᠬᠢᠨᠠᠮᠠᠭᠠᠢ ᠰᠤᠳᠤᠯᠤᠨ ᠶᠠᠷᠢᠯᠴᠠᠵᠠᠢ᠃ | ᠪᠣᠯᠪᠠᠰᠤᠷᠠᠯ ᠳᠤ ᠣᠷᠣᠯᠴᠠᠭᠰᠠᠨ ᠰᠤᠷᠤᠭᠴᠢᠳ ᠤᠨ ᠳᠣᠲᠣᠷ᠎ᠠ ᠨᠡᠶᠢᠭᠡᠮ ᠲᠣᠭᠤᠷᠢᠭ ᠤᠨ ᠠᠭᠤᠳᠠᠮ ᠲᠠᠯᠠᠪᠠᠢ ᠶᠢᠨ | ᠪᠥᠵᠢᠭ ᠤᠨ ᠭᠤᠣᠯᠯᠠᠭᠴᠢ ᠬᠦᠴᠦᠨ ᠪᠠᠶᠢᠬᠤ ᠪᠥᠭᠡᠳ ᠪᠠᠰᠠ ᠬᠠᠯᠠᠭᠤᠨ ᠰᠡᠳᠬᠢᠯᠭᠡ ᠲᠠᠢ ᠰᠢᠨ᠎ᠡ ᠳᠦᠷᠰᠦ ᠪᠠᠶᠢᠳᠠᠯ ᠲᠠᠢ | ᠶᠤᠮ᠃ ᠤᠯᠠᠨ ᠢᠶᠠᠷ ᠢᠶᠠᠨ ᠪᠥᠵᠢᠭ ᠢᠶᠠᠷ ᠴᠤᠭᠯᠠᠷᠠᠵᠤ᠂ ᠤᠷ᠎ᠠ ᠮᠡᠷᠭᠡᠵᠢᠯ ᠢᠶᠠᠨ ᠳᠡᠭᠡᠭᠰᠢᠯᠡᠭᠦᠯᠬᠦ᠂ ᠪᠠᠶᠠᠷ ᠪᠠᠶᠠᠰᠤᠯ ᠢ | ᠳᠠᠮᠵᠢᠭᠤᠯᠬᠤ ᠳᠤ ᠨᠢᠭᠡ ᠲᠠᠩᠬᠢᠮ ᠳᠤ ᠴᠤᠭᠯᠠᠷᠠᠪᠠ᠃ ᠰᠤᠷᠤᠭᠴᠢᠳ᠂ ᠪᠣᠯᠪᠠᠰᠤᠷᠠᠭᠤᠯᠤᠯ ᠤᠨ ᠠᠭᠤᠯᠭ᠎ᠠ ᠨᠢ ᠪᠠᠶᠠᠯᠢᠭ | ᠰᠠᠶᠢᠬᠠᠨ᠂ ᠣᠯᠤᠯᠲᠠ ᠣᠯᠠᠨ ᠪᠠᠶᠢᠵᠤ᠂ ᠪᠡᠶ᠎ᠡ ᠮᠠᠬᠠᠪᠣᠳ ᠢᠶᠠᠨ ᠪᠣᠯᠪᠠᠰᠤᠷᠠᠭᠤᠯᠤᠭᠰᠠᠨ ᠢᠶᠠᠷ ᠪᠠᠷᠠᠬᠤ ᠦᠭᠡᠢ ᠪᠠᠰᠠ | ᠠᠵᠢᠯ ᠤᠨ ᠴᠢᠯᠥᠭᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠪᠠᠶᠢᠨ᠎ᠠ ᠭᠡᠵᠦ ᠢᠯᠡᠳᠬᠡᠵᠡᠭᠡᠪᠡ᠃ | ᠲᠣᠰ ᠤᠳᠠᠭᠠᠨ ᠤ ᠪᠣᠯᠪᠠᠰᠤᠷᠠᠭᠤᠯᠤᠯ ᠨᠢ ᠠᠭᠤᠳᠠᠮ ᠲᠠᠯᠠᠪᠠᠶ ᠶᠢᠨ ᠪᠥᠵᠢᠭ ᠤᠨ ᠡᠩᠨᠡᠭᠡ ᠶᠢ ᠬᠥᠮᠦᠵᠢᠭᠦᠯᠬᠦ ᠪᠠ | ᠪᠥᠲᠥᠭᠡᠨ ᠪᠠᠶᠢᠭᠤᠯᠬᠤ ᠶᠢ ᠴᠢᠩᠭᠠᠳᠬᠠᠭᠰᠠᠨ ᠢᠶᠠᠷ ᠪᠠᠷᠠᠬᠤ ᠥᠬᠡᠶ᠂ ᠪᠠᠰᠠ ᠠᠭᠤᠳᠠᠮ ᠲᠠᠯᠠᠪᠠᠶ ᠶᠢᠨ ᠪᠥᠵᠢᠭ ᠤᠨ ᠳᠤᠷ᠎ᠠ | ᠪᠠᠭ᠋ᠠᠲᠠᠶ ᠬᠥᠮᠦᠰ ᠤᠨ ᠪᠡᠶ᠎ᠡ ᠴᠢᠭᠢᠷᠠᠭᠵᠢᠭᠤᠯᠬᠤ ᠤᠷ᠎ᠠ ᠴᠢᠳᠠᠪᠤᠷᠢ ᠶᠢ ᠳᠡᠭᠡᠭᠰᠢᠯᠡᠭᠦᠯᠵᠦ᠂ ᠰᠠᠭᠤᠭᠠᠯᠢ ᠠᠷᠠᠳ ᠢ ᠪᠡᠶ᠎ᠡ | ᠮᠠᠬᠠᠪᠣᠳ ᠢᠶᠠᠨ ᠪᠣᠯᠪᠠᠰᠤᠷᠠᠭᠤᠯᠵᠤ᠂ ᠠᠮᠢᠳᠤᠷᠠᠯ ᠢᠶᠠᠨ ᠪᠠᠶᠠᠯᠢᠭᠵᠢᠭᠤᠯᠬᠤ ᠶᠢᠨ ᠬᠠᠮᠲᠤ ᠨᠠᠩ ᠣᠯᠠᠨ ᠵᠣᠯ ᠵᠢᠷᠭᠠᠯᠲᠤ | ᠲᠥᠷᠥᠭᠳᠡᠯ ᠪᠠ ᠰᠡᠳᠬᠢᠯ ᠬᠠᠨᠤᠮᠵᠢᠲᠠᠶ ᠲᠥᠷᠥᠭᠳᠡᠯ ᠢ ᠨᠢ ᠣᠯᠤᠭᠰᠠᠨ ᠪᠠᠶᠢᠨ᠎ᠠ᠃ | |