2025 ᠣᠨ ᠤ ᠬᠠᠪᠤᠷ ᠤᠨ ᠤᠯᠠᠷᠢᠯ ᠤᠨ ᠡᠪᠡᠰᠦᠨ ᠤ ᠤᠷᠭᠤᠯᠳᠠ ᠶᠢᠨ ᠬᠤᠭᠤᠴᠠᠭᠠᠨ ᠳᠠᠬᠢ ᠪᠡᠯᠴᠢᠭᠡᠷ ᠰᠡᠷᠭᠦᠭᠡᠬᠦ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/18
  3 ᠰᠠᠷ᠎ᠠ ᠶᠢᠨ 17 ᠤ ᠡᠳᠦᠷ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ 2025 ᠣᠨ ᠤ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠬᠤᠭᠤᠴᠠᠭᠠᠨ ᠤ ᠪᠡᠯᠴᠢᠭᠡᠷ ᠰᠡᠷᠭᠦᠭᠡᠬᠦ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠪᠠ᠃    ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠮᠠᠨ ᠤ ᠬᠤᠲᠠ ᠶᠢᠨ 2025 ᠣᠨ ᠤ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠬᠤᠭᠤᠴᠠᠭᠠᠨ ᠳᠠᠬᠢ ᠪᠡᠯᠴᠢᠭᠡᠷ ᠰᠡᠷᠭᠦᠭᠡᠬᠦ ᠠᠵᠢᠯ ᠤᠨ ᠬᠤᠯᠪᠣᠭᠳᠠᠯ ᠪᠥᠬᠦᠶ ᠪᠠᠶᠢᠳᠠᠯ ᠢ ᠮᠡᠳᠡᠭᠳᠡᠪᠡ᠃ ᠬᠤᠲᠠ ᠶᠢᠨ ᠲᠠᠷᠢᠶᠠᠯᠠᠩ ᠮᠠᠯ ᠠᠵᠤ ᠠᠬᠤᠶ ᠪᠠ ᠤᠰᠤᠨ ᠤ ᠶᠠᠪᠤᠳᠠᠯ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠭᠡᠷᠡᠯᠳᠦᠠᠣᠳᠦ ᠰᠤᠮᠤ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠥᠭᠦᠯᠡᠭᠴᠢ ᠰᠡᠯᠭᠦᠨ ᠮᠠᠯᠵᠢᠬᠤ ᠬᠡᠪᠴᠢᠶ᠎ᠡ᠂ ᠰᠡᠯᠭᠦᠨ ᠮᠠᠯᠵᠢᠬᠤ ᠴᠠᠭ᠂ ᠠᠪᠤᠭᠰᠠᠨ ᠠᠷᠭ᠎ᠠ ᠬᠡᠮᠵᠢᠶ᠎ᠡ ᠵᠡᠷᠭᠡ ᠠᠭᠤᠯᠭ᠎ᠠ ᠳᠤ ᠲᠣᠳᠣᠷᠬᠠᠶᠢᠯᠠᠯᠲᠠ ᠬᠢᠭᠰᠡᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠨᠠᠷᠢᠨ ᠲᠠᠶᠢᠯᠪᠤᠷᠢᠯᠠᠭᠰᠠᠨ ᠪᠠᠶᠢᠨ᠎ᠠ᠃    ᠣᠶᠢᠯᠠᠭᠠᠭᠰᠠᠨ ᠢᠶᠠᠷ᠂ ᠪᠡᠯᠴᠢᠭᠡᠷᠯᠡᠭᠦᠯᠬᠦ ᠶᠢ ᠵᠣᠭᠰᠤᠭᠠᠬᠤ ᠬᠡᠪᠴᠢᠶ᠎ᠡ ᠨᠢ ᠬᠤᠲᠠ ᠶᠢᠨ ᠭᠡᠷᠡᠯᠳᠦᠠᠣᠳᠦ ᠰᠤᠮᠤᠨ ᠤ 4 ᠮᠠᠯᠵᠢᠬᠤ ᠭᠠᠴᠠᠭ᠎ᠠ ᠪᠠᠭᠲᠠᠵᠤ᠂ ᠨᠡᠶᠢᠲᠡ 458.63 ᠲᠦᠮᠡᠨ ᠮᠦ ᠪᠠᠶᠢᠭᠠᠯᠢᠯᠢᠭ ᠪᠡᠯᠴᠢᠭᠡᠷ ᠲᠠᠢ᠃ ᠪᠡᠯᠴᠢᠭᠡᠷ ᠰᠡᠷᠭᠦᠭᠡᠬᠦ ᠴᠠᠭ ᠨᠢ 4 ᠰᠠᠷ᠎ᠠ ᠶᠢᠨ 1 ᠤ ᠡᠳᠦᠷ ᠠᠴᠠ ᠡᠬᠢᠯᠡᠨ᠂ 5 ᠰᠠᠷ᠎ᠠ ᠶᠢᠨ 15 ᠤ ᠡᠳᠦᠷ ᠳᠠᠭᠤᠰᠤᠨ᠎ᠠ᠂ ᠬᠤᠭᠤᠴᠠᠭ᠎ᠠ ᠨᠢ 45 ᠡᠳᠦᠷ ᠪᠣᠯᠤᠨ᠎ᠠ᠃ ᠨᠥᠬᠦᠪᠥᠷᠢ ᠶᠢᠨ ᠪᠠᠷᠢᠮᠵᠢᠶ᠎ᠠ ᠶᠢ ᠪᠥᠬᠦ ᠠᠶᠢᠮᠠᠭ ᠤᠨ ᠨᠢᠭᠡᠳᠦᠯᠲᠡᠶ ᠪᠠᠷᠢᠮᠵᠢᠶ᠎ᠠ ᠶᠣᠰᠣᠭᠠᠷ᠂ ᠮᠥ ᠪᠦᠷᠢ ᠶᠢᠨ ᠨᠥᠬᠦᠪᠥᠷᠢ 1.125 ᠲᠥᠭᠦᠷᠢᠭ ᠪᠠᠶᠢᠵᠤ᠂ ᠰᠡᠯᠭᠦᠨ ᠮᠠᠯᠵᠢᠬᠤ ᠠᠵᠢᠯ ᠳᠠᠭᠤᠰᠤᠭᠰᠠᠨ ᠤ ᠳᠠᠷᠠᠭ᠎ᠠ ᠬᠤᠲᠠ ᠶᠢᠨ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ︽ᠨᠢᠭᠡ ᠺᠠᠷᠲ ᠢᠶᠠᠷ ᠨᠡᠪᠳᠡᠷᠡᠬᠦ︾ ᠪᠠᠷ ᠳᠠᠮᠵᠢᠭᠤᠯᠤᠨ ᠣᠯᠭᠤᠨ᠎ᠠ᠃ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠬᠤᠭᠤᠴᠠᠭᠠᠨ ᠳᠤ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠬᠢᠭᠡᠳ ᠰᠤᠮᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠬᠠᠮᠵᠢᠯᠴᠠᠨ ᠬᠦᠴᠦᠯᠡᠵᠦ᠂ ᠲᠣᠭᠤᠷᠢᠨ ᠪᠠᠶᠢᠴᠠᠭᠠᠵᠤ ᠬᠠᠮᠢᠶᠠᠷᠤᠨ ᠡᠵᠡᠮᠳᠡᠬᠦ ᠪᠠᠨ ᠴᠢᠩᠭᠠᠷᠠᠭᠤᠯᠤᠨ᠂ ᠬᠤᠯᠠᠭᠠᠶᠢᠯᠠᠨ ᠮᠠᠯᠵᠢᠬᠤ᠂ ᠲᠣᠭᠲᠠᠭᠠᠯ ᠠᠴᠠ ᠵᠥᠷᠢᠴᠡᠨ ᠮᠠᠯ ᠮᠠᠯᠵᠢᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠪᠡᠯᠴᠢᠭᠡᠷ ᠰᠡᠷᠭᠦᠭᠡᠵᠦ ᠬᠡᠷᠡᠭᠵᠢᠭᠦᠯᠦᠭᠰᠡᠨ ᠦᠷ᠎ᠡ ᠪᠦᠲᠦᠮᠵᠢ ᠨᠢ ᠨᠥᠬᠦᠪᠥᠷᠢ ᠶᠢ ᠦᠨᠡᠯᠡᠨ ᠵᠢᠱᠢᠬᠦ᠂ ᠣᠯᠭᠤᠬᠤ ᠶᠢᠨ ᠵᠠᠩᠭᠢᠯᠠᠭ᠎ᠠ ᠶᠢᠨ ᠦᠨᠳᠦᠰᠦᠯᠡᠯ ᠪᠣᠯᠭᠠᠨ᠎ᠠ᠃ ᠭᠡᠷᠡᠯᠳᠦᠠᠣᠳᠦ ᠡᠪᠡᠰᠦ ᠪᠣᠷᠳᠤᠭ᠎ᠠ ᠨᠥᠭᠡᠴᠡᠯᠡᠬᠦ᠂ ᠮᠠᠯ ᠤᠨ ᠤᠰᠤ ᠤᠮᠳᠠ ᠶᠢ ᠪᠠᠲᠤᠯᠠᠬᠤ ᠵᠡᠷᠭᠡ ᠠᠵᠢᠯ ᠢ ᠡᠭᠦᠷᠭᠡᠯᠡᠵᠦ᠂ ᠬᠤᠲᠠ ᠶᠢᠨ ᠲᠠᠷᠢᠶᠠᠯᠠᠩ ᠮᠠᠯ ᠠᠵᠤ ᠠᠬᠤᠶ ᠪᠠ ᠤᠰᠤᠨ ᠤ ᠶᠠᠪᠤᠳᠠᠯ ᠤᠨ ᠲᠣᠪᠴᠢᠶ᠎ᠠ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠶᠢ ᠬᠠᠷᠢᠭᠤᠴᠠᠵᠤ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠠᠵᠢᠯ ᠢ ᠡᠮᠬᠢ ᠵᠢᠷᠤᠮ ᠲᠠᠢ ᠠᠬᠢᠭᠤᠯᠬᠤ ᠶᠢ ᠦᠨᠡᠨ ᠬᠦ ᠪᠠᠲᠤᠯᠠᠵᠤ᠂ ᠴᠢᠨᠠᠷ ᠰᠠᠶᠢᠲᠠᠶ ᠬᠥᠭᠵᠢᠯᠲᠡ ᠪᠠ ᠥᠨᠳᠥᠷ ᠲᠦᠪᠰᠢᠨ ᠪᠥᠬᠦᠶ ᠬᠠᠮᠠᠭᠠᠯᠠᠯᠲᠠ ᠶᠢ ᠬᠠᠮᠵᠢᠯᠴᠠᠨ ᠠᠬᠢᠭᠤᠯᠵᠤ᠂ ᠰᠢᠨ᠎ᠡ ᠴᠠᠭ ᠦᠶ᠎ᠡ ᠶᠢᠨ ᠤᠯᠤᠰ ᠤᠨ ᠤᠮᠠᠷᠠᠰᠢ ᠨᠡᠭᠡᠭᠡᠯᠲᠡ ᠬᠢᠬᠦ ᠬᠠᠮᠤᠭ ᠤᠨ ᠶᠡᠭᠡ ᠬᠠᠭᠤᠷᠠᠶ ᠵᠠᠮ ᠤᠨ ᠪᠣᠭᠤᠮᠲᠠ ᠶᠢᠨ ᠬᠤᠲᠠ ᠶᠢ ᠪᠥᠲᠥᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号