ᠭᠤᠷᠪᠠᠨ ᠭᠠᠵᠠᠷ ᠤᠨ ᠬᠠᠮᠳᠣᠷᠠᠭᠰᠠᠨ ᠲᠡᠮᠡᠭᠡᠨ ᠤ ᠰᠣᠶᠣᠯ ᠤᠨ ᠰᠢᠷᠢᠰ ᠠᠵᠢᠯᠯᠠᠭ᠎ᠠ ᠮᠠᠨ ᠤ ᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2025/3/24
     3 ᠰᠠᠷ᠎ᠠ ᠶᠢᠨ 22 ᠤ ᠡᠳᠦᠷ᠂ ᠭᠡᠷᠡᠯᠳᠦᠠᠣᠳᠦ ᠰᠤᠮᠤ ᠶᠢᠨ ᠬᠦᠭᠵᠢᠯᠳᠣᠶᠠᠭ᠎ᠠ ᠭᠠᠴᠠᠭᠠᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠮᠠᠨ ᠤ ᠬᠤᠲᠠ ᠶᠢᠨ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠰᠥᠨᠢᠳ ᠵᠡᠭᠦᠨ ᠬᠤᠰᠢᠭᠤᠨ ᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠰᠥᠨᠢᠳ ᠪᠠᠷᠠᠭᠤᠨ ᠬᠤᠰᠢᠭᠤᠨ ᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠬᠠᠮᠲᠤᠷᠠᠨ ᠡᠷᠭᠢᠯᠡᠭᠰᠡᠨ ᠳᠡᠮᠡᠭᠡᠨ ᠰᠣᠶᠣᠯ ᠤᠨ ᠠᠵᠢᠯᠯᠠᠭ᠎ᠠ ᠶᠠᠪᠤᠭᠳᠠᠪᠠ᠃
      ᠲᠡᠮᠡᠭᠡ ᠤᠷᠤᠯᠳᠤᠬᠤ᠂ ᠮᠣᠷᠢ ᠤᠷᠤᠯᠳᠤᠬᠤ᠂ ᠪᠥᠬᠡ ᠪᠠᠷᠢᠯᠳᠣᠬᠤ ᠴᠢᠮᠡᠭᠡ ᠶᠢ ᠰᠣᠨᠣᠰᠤᠭᠠᠳ ᠮᠠᠰᠢ ᠣᠯᠠᠨ ᠵᠤᠭᠠᠴᠠᠭᠰᠠᠳ ᠵᠢᠴᠢ ᠣᠯᠠᠨ ᠲᠦᠮᠡᠨ ᠴᠦ ᠲᠤᠬᠠᠶ ᠶᠢᠨ ᠲᠠᠯᠠᠪᠤᠷ ᠲᠤ ᠬᠦᠷᠴᠦ ᠤᠷᠤᠯᠳᠤᠭᠠᠨ ᠢ ᠰᠣᠨᠢᠷᠬᠠᠪᠠ᠃      ᠡᠬᠢᠯᠡᠯᠲᠡ ᠶᠢᠨ ᠶᠣᠰᠣᠯᠠᠯ ᠳᠡᠭᠡᠷ᠎ᠡ᠂ ᠣᠯᠠᠭᠠᠨᠮᠦ᠋ᠴᠢᠷ ᠤᠨ ᠬᠥᠩᠭᠡᠨ ᠮᠣᠷᠢᠲᠤ ᠴᠡᠷᠢᠭ ᠭᠠᠷ ᠬᠤᠯᠪᠣᠨ ᠤᠷᠠᠯᠢᠭ ᠳᠡᠪᠰᠢᠭᠦᠯᠵᠦ᠂ ᠪᠠᠶᠠᠷ ᠤᠨ ᠳᠠᠭᠤᠤ ᠶᠢ ᠬᠥᠭᠵᠢᠮᠳᠡᠵᠦ᠂ ᠢᠷᠠᠭᠤ ᠰᠠᠶᠢᠬᠠᠨ ᠳᠠᠭᠤᠤ ᠪᠠᠷ ᠰᠠᠶᠢᠨ ᠰᠠᠶᠢᠬᠠᠨ ᠵᠥᠩᠨᠡᠯ ᠳᠡᠪᠰᠢᠭᠦᠯᠵᠦ᠂ ᠨᠠᠢᠮᠠᠨ ᠵᠣᠪᠬᠢᠰ ᠤᠨ ᠵᠣᠴᠢᠳ ᠢ ᠪᠠᠶᠠᠷᠯᠠᠨ ᠤᠭᠲᠤᠪᠠ᠃      ᠪᠠᠶᠠᠷ ᠪᠠᠶᠠᠰᠬᠤᠯᠠᠩᠲᠤ ᠠᠭᠤᠷ ᠠᠮᠢᠰᠬᠤᠯ ᠤᠨ ᠳᠤᠮᠳᠠ᠂ ᠮᠠᠨ ᠤ ᠬᠤᠲᠠ ᠶᠢᠨ ︽ᠲᠡᠮᠡᠭᠡᠲᠦ ᠴᠡᠴᠡᠭ︾ ᠲᠡᠮᠡᠭᠡ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠵᠢᠩᠬᠢᠨᠢ ᠪᠠᠷ ᠠᠰᠢᠭᠯᠠᠯᠲᠠ ᠳᠤ ᠣᠷᠣᠪᠠ᠃ ᠮᠠᠯ ᠠᠵᠤ ᠠᠬᠤᠢ ᠶᠢ ᠳᠡᠮᠵᠢᠬᠦ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠬᠤᠣᠰ ᠴᠢᠭᠯᠡᠯ ᠢᠶᠠᠷ ᠣᠴᠢᠬᠤ ᠨᠢ ᠬᠤᠳᠠ ᠶᠢᠨ ᠭᠡᠷᠡᠯᠳᠣᠠᠣᠳᠦ ᠰᠤᠮᠤ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠥᠭᠵᠢᠯᠲᠡ ᠰᠢᠨ᠎ᠡ ᠠᠶᠠᠨ ᠢᠶᠠᠨ ᠡᠬᠢᠯᠡᠭᠦᠯᠵᠦ᠂ ᠨᠡᠩ ᠥᠷᠭᠡᠨ ᠠᠭᠤᠳᠠᠮ ᠵᠠᠬ᠎ᠠ ᠳᠡᠯᠭᠡᠭᠦᠷ ᠢ ᠥᠷᠭᠡᠳᠬᠡᠬᠦ ᠪᠣᠯᠤᠨ᠎ᠠ ᠭᠡᠳᠡᠭ ᠢ ᠬᠠᠷᠠᠭᠤᠯᠵᠤ ᠪᠠᠶᠢᠨ᠎ᠠ᠃
    ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ︽ᠨᠢᠭᠡ ᠬᠤᠲᠠ ᠬᠤᠶᠠᠷ ᠬᠤᠰᠢᠭᠤ︾ ᠶᠢᠨ ᠤᠨᠴᠠᠯᠢᠬᠳᠤ ᠲᠠᠷᠢᠶᠠᠯᠠᠩ ᠮᠠᠯ ᠠᠵᠤ ᠠᠬᠤᠶ ᠶᠢᠨ ᠢᠳᠡᠭᠡᠨ᠂ ᠪᠣᠳᠠᠰ ᠤᠨ ᠪᠤᠰᠤ ᠰᠣᠶᠣᠯ ᠤᠨ ᠥᠪ ᠤᠨ ᠪᠦᠲᠦᠭᠡᠭᠳᠡᠬᠦᠨ ᠵᠠᠯᠭᠠᠭ᠎ᠠ ᠪᠠᠷ ᠢᠯᠡᠷᠡᠪᠡ᠃ ᠰᠠᠭᠠᠯᠢ ᠶᠢᠨ ᠦᠨᠦᠷ ᠬᠠᠩᠬᠤᠯᠵᠤ ᠪᠠᠶᠢᠭ᠎ᠠ ᠬᠤᠷᠤᠳ᠂ ᠭᠤᠶᠤ ᠰᠠᠶᠢᠬᠠᠨ ᠦᠨᠳᠦᠰᠦᠲᠡᠨ ᠤ ᠬᠤᠪᠴᠠᠰᠤ ᠵᠠᠰᠠᠯ ᠵᠢᠴᠢ ᠭᠤᠶᠤ ᠰᠠᠶᠢᠬᠠᠨ ᠭᠠᠷ ᠤᠷᠠᠯᠠᠯ ᠤᠨ ᠪᠦᠲᠦᠭᠡᠭᠳᠡᠬᠦᠨ ᠨᠢ ᠵᠤᠭᠠᠴᠠᠭᠰᠠᠳ ᠤᠨ ᠠᠩᠬᠠᠷᠤᠯ ᠢ ᠲᠠᠲᠠᠵᠤ᠂ ᠤᠯᠠᠨ ᠢᠶᠠᠷ ᠢᠶᠠᠨ ᠠᠮᠲᠠᠲᠤ ᠢᠳᠡᠭᠡᠨ ᠢᠳᠡᠵᠦ᠂ ᠪᠣᠳᠠᠰ ᠤᠨ ᠪᠤᠰᠤ ᠰᠣᠶᠣᠯ ᠤᠨ ᠥᠪ ᠢ ᠰᠣᠨᠢᠷᠬᠠᠵᠤ᠂ ᠲᠠᠯ᠎ᠠ ᠨᠤᠲᠤᠭ ᠠᠴᠠ ᠢᠷᠡᠭᠰᠡᠨ ᠰᠠᠶᠢᠨ ᠰᠠᠶᠢᠬᠠᠨ ᠠᠮᠢᠳᠤᠷᠠᠯ ᠢ ᠬᠠᠨᠲᠠᠯ᠎ᠠ ᠡᠳ᠋ᠯᠡᠵᠦ ᠪᠠᠶᠢᠨ᠎ᠠ᠃      ᠡᠬᠢᠯᠡᠯᠲᠡ ᠶᠢᠨ ᠶᠣᠰᠣᠯᠠᠯ ᠳᠠᠭᠤᠰᠤᠭᠰᠠᠨ ᠤ ᠲᠠᠷᠠᠭ᠎ᠠ᠂ ᠲᠡᠮᠡᠭᠡ ᠤᠷᠤᠯᠳᠤᠬᠤ᠂ ᠮᠣᠷᠢ ᠤᠷᠤᠯᠳᠤᠬᠤ᠂ ᠪᠥᠬᠡ ᠪᠠᠷᠢᠯᠳᠣᠬᠤ ᠵᠡᠷᠭᠡ ᠡᠯ᠎ᠡ ᠵᠦᠢᠯ ᠤᠨ ᠮᠥᠷᠦ᠋ᠢᠴᠡᠭᠡᠨ ᠵᠠᠯᠭᠠᠭ᠎ᠠ ᠪᠠᠷ ᠶᠠᠪᠤᠭᠳᠠᠪᠠ᠃ ᠡᠯ᠎ᠡ ᠠᠶᠢᠮᠠᠭ ᠬᠤᠳᠠ ᠶᠢᠨ ᠲᠡᠮᠡᠭᠡ ᠤᠷᠤᠯᠳᠤᠬᠤ᠂ ᠮᠤᠷᠢ ᠤᠷᠤᠯᠳᠤᠬᠤ ᠲᠠᠮᠢᠷᠴᠢᠳ ᠰᠢᠷᠦᠬᠦᠨ ᠦᠷᠢᠰᠦᠯᠳᠦᠵᠤ ᠪᠠᠶᠢᠪᠠ᠃ ᠭᠤᠪᠢ ᠶᠢᠨ ᠤᠯᠠᠭᠠᠨ ᠲᠡᠮᠡᠭᠡ ᠴᠡᠭᠡᠵᠢ ᠲᠡᠨᠢᠢᠨ᠂ ᠬᠤᠷᠳᠤᠨ ᠠᠯᠬᠤᠭ᠎ᠠ ᠪᠠᠷ ᠣᠷᠣᠭᠰᠢᠯᠠᠵᠦ᠂ ᠵᠣᠷᠢᠭ ᠲᠡᠭᠦᠯᠳᠡᠷ ᠬᠥᠭᠡᠭᠡᠴᠡᠯᠳᠦᠵᠦ᠂ ᠮᠣᠷᠢᠨ ᠨᠢᠷᠤᠭᠤᠨ ᠳᠡᠭᠡᠷᠡᠬᠢ ᠦᠨᠳᠦᠰᠦᠲᠡᠨ ᠤ ᠴᠤᠭ ᠵᠢᠪᠬᠤᠭ᠎ᠠ ᠶᠢ ᠬᠠᠷᠠᠭᠤᠯᠪᠠ᠃ ᠬᠥᠮᠦᠨ ᠢ ᠰᠣᠴᠢᠭᠠᠮ᠎ᠠ ᠲᠡᠰᠪᠦᠷᠢᠲᠦ ᠬᠦᠴᠦᠨ ᠪᠠ ᠬᠦᠴᠦᠨ ᠴᠢᠳᠠᠯ ᠤᠨ ᠠᠳᠠᠯᠢᠳᠬᠠᠯ ᠨᠢ ᠦᠵᠡᠮᠦᠷᠢ ᠶᠢᠨ ᠤᠷᠤᠯᠳᠤᠭᠠᠨ ᠦᠵᠡᠬᠦ ᠣᠯᠠᠨ ᠲᠦᠮᠡᠨ ᠳᠤ ᠬᠤᠷᠳᠤᠴᠠ ᠪᠠ ᠣᠷᠭᠢᠯᠤᠮ᠎ᠠ ᠰᠡᠳᠬᠢᠯᠭᠡ ᠶᠢ ᠪᠦᠷᠢᠮᠦᠰᠦᠨ ᠡᠳ᠋ᠯᠡᠭᠦᠯᠬᠦ ᠬᠡᠷᠡᠭᠲᠡᠶ᠃      ᠬᠤᠷᠴᠠ ᠰᠢᠷᠦᠭᠦᠨ ᠮᠥᠷᠦ᠋ᠢᠴᠡᠭᠡᠨ ᠢᠶᠠᠷ ᠲᠠᠮᠵᠢᠨ᠂ ᠪᠠᠶᠠᠨᠨᠠᠭᠤᠷ ᠬᠤᠳᠠ ᠶᠢᠨ ᠤᠷᠠᠳ ᠤᠨ ᠳᠤᠮᠳᠠᠳᠤ ᠬᠤᠰᠢᠭᠤᠨ ᠤ ᠬᠡᠰᠢᠭᠵᠢᠷᠭᠠᠯ ᠤᠨ ᠲᠤᠮᠤ ᠲᠡᠮᠡᠭᠡ ᠪᠠ ᠳᠣᠷᠣᠮ ᠨᠢ 12 ᠺᠢᠯᠣᠮᠧᠲᠷ᠂ 4 ᠺᠢᠯᠣᠮᠧᠲᠷ ᠤᠨ ᠣᠷᠣᠯᠳᠣᠭᠠᠨ ᠳᠤ ᠳᠣᠰ ᠳᠣᠰ ᠳᠡᠷᠢᠬᠦᠯᠡᠵᠦ︔ ᠰᠥᠨᠢᠳ ᠪᠠᠷᠠᠭᠤᠨ ᠬᠤᠰᠢᠭᠤᠨ ᠤ ᠠᠯᠳᠠᠨᠰᠦ᠋ᠬᠡ ᠶᠢᠨ ᠮᠣᠷᠢ ᠨᠢ ᠮᠤᠩᠭᠤᠯ ᠠᠳᠤᠭᠤᠨ ᠤ 12 ᠺᠢᠯᠣᠮᠧᠲᠷ ᠲᠤ ᠮᠠᠩᠯᠠᠶᠢᠯᠠᠪᠠ᠂ ᠮᠠᠨ ᠤ ᠬᠤᠳᠠ ᠶᠢᠨ ᠰᠦᠵᠢ ᠭᠠᠴᠠᠭᠠᠨ ᠤ ᠮᠠᠯᠴᠢᠨ ᠦᠨᠡᠨᠴᠢ ᠶᠢᠨ ᠪᠣᠣᠷ᠎ᠠ ᠨᠢ  ᠂ ᠬᠥᠭᠵᠢᠯᠲᠤᠶᠠᠭ᠎ᠠ ᠭᠠᠴᠠᠭᠠᠨ ᠤ ᠮᠠᠯᠴᠢᠨ ᠬᠦᠭᠡᠨᠠᠷᠠᠰᠦ ᠶᠢᠨ ᠢᠩᠭᠡ ᠨᠢ ᠦᠵᠡᠮᠣᠷᠢ  ᠶᠢᠨ ᠮᠠᠯ ᠤᠨ ᠣᠷᠣᠯᠳᠣᠭᠠᠨ ᠳᠤ ᠳᠣᠰ ᠳᠣᠰ  ᠳᠡᠷᠢᠬᠦᠯᠡᠭᠰᠡᠨ ᠪᠠᠶᠢᠨ᠎ᠠ᠃ ᠰᠥᠨᠢᠳ ᠵᠡᠭᠦᠨ ᠬᠤᠰᠢᠭᠤᠨ ᠤ ᠰᠢᠯᠣᠭᠤᠨ ᠪᠦᠬᠡ ᠶᠢᠨ ᠤᠷᠤᠯᠳᠤᠭᠠᠨ ᠤ ᠮᠠᠩᠯᠠᠶᠢᠯᠠᠪᠠ᠃      ᠲᠤᠬᠠᠶ ᠶᠢᠨ ᠲᠠᠯᠠᠪᠠᠶ ᠶᠢᠨ ᠣᠯᠠᠨ ᠲᠦᠮᠡᠨ ᠨᠠᠷᠠᠨ᠄ ︽ᠡᠶᠢᠮᠦᠷᠬᠦ ᠠᠵᠢᠯᠯᠠᠭ᠎ᠠ ᠶᠢ ᠡᠷᠬᠡᠪᠰᠢ ᠢᠯᠡᠭᠦᠬᠡᠨ ᠡᠷᠭᠢᠯᠡᠵᠦ᠂ ᠭᠤᠷᠪᠠᠨ ᠭᠠᠵᠠᠷ ᠤᠨ ᠮᠠᠯᠴᠢᠳ ᠡᠨᠡ ᠬᠦ ᠲᠠᠪᠴᠠᠩ ᠢᠶᠠᠷ ᠳᠡᠮᠵᠢᠨ᠂ ᠬᠠᠷᠢᠯᠴᠠᠨ ᠲᠠᠨᠢᠵᠤ᠂ ᠬᠠᠷᠢᠯᠴᠠᠨ ᠬᠠᠷᠢᠯᠴᠠᠵᠤ᠂ ᠲᠤᠷᠰᠢᠯᠭ᠎ᠠ ᠪᠠᠨ ᠰᠣᠯᠢᠯᠴᠠᠨ᠂ ᠮᠠᠨ ᠤ ᠦᠨᠳᠦᠰᠦᠲᠡᠨ ᠤ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠡᠨᠡ ᠵᠢᠯ ᠮᠠᠨ ᠤ ᠲᠠᠯ᠎ᠠ ᠨᠤᠲᠤᠭ ᠲᠤ ᠬᠤᠷ᠎ᠠ ᠪᠣᠷᠣᠭᠠᠨ ᠲᠡᠭᠰᠢ ᠪᠠᠶᠢᠬᠤ ᠶᠢ ᠬᠦᠰᠡᠵᠦ ᠪᠠᠶᠢᠨ᠎ᠠ︾ ᠭᠡᠵᠦ ᠬᠡᠯᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号