ᠡᠷᠢᠶᠡᠨ ᠬᠤᠲᠠ ᠶᠢᠨ ︽  ᠳᠡᠮᠡᠭᠡᠨ ᠰᠦ︾ ᠲᠡᠮᠡᠭᠡ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠠᠰᠢᠭᠯᠠᠯᠲᠠ ᠳᠤ ᠤᠷᠤᠪᠠ
ᠨᠡᠶᠢᠲᠡᠯᠡᠭᠰᠡᠨ ᠴᠠᠭ᠄
2025/3/24
 
     ᠤᠷᠢᠬᠠᠨ ᠬᠠᠪᠤᠷ ᠤᠨ ᠭᠤᠷᠪᠠᠨ ᠰᠠᠷ᠎ᠠ ᠳᠤ ᠪᠣᠭᠤᠮᠲᠠ ᠶᠢᠨ ᠡᠬᠡ ᠭᠠᠵᠠᠷ ᠲᠤ ᠲᠦᠮᠡᠨ ᠪᠣᠳᠠᠰ ᠠᠮᠢᠵᠢᠷᠠᠯ ᠤᠨ ᠬᠦᠴᠦᠨ ᠢᠶᠠᠷ ᠪᠢᠯᠬᠠᠨ᠎ᠠ᠃ 3 ᠰᠠᠷ᠎ᠠ ᠶᠢᠨ 22 ᠤᠨ ᠡᠳᠦᠷ᠂ ᠡᠮᠦᠨᠡᠬᠢ ᠬᠤᠭᠤᠴᠠᠭᠠᠨ ᠤ ᠪᠠᠴᠢᠮ ᠶᠠᠭᠠᠷᠠᠯᠳᠠᠢ ᠪᠦᠲᠦᠭᠡᠨ ᠪᠠᠶᠢᠭᠤᠯᠤᠯᠲᠠ ᠪᠠᠷ ᠳᠠᠮᠵᠢᠨ᠂ ᠮᠠᠨ ᠤ ᠬᠤᠲᠠ ᠲᠥᠷᠥᠯ ᠵᠦᠢᠯ ᠤᠨ ︽ᠳᠡᠮᠡᠭᠡᠨ ᠰᠦ︾ ᠲᠡᠮᠡᠭᠡ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠢ ᠬᠦᠭᠵᠢᠯᠳᠣᠶᠠᠭ᠎ᠠ ᠭᠠᠴᠠᠭ᠎ᠠ ᠳᠤ ᠵᠢᠩᠬᠢᠨᠢ ᠪᠠᠷ ᠫᠠᠶᠢᠰᠠ ᠡᠯᠭᠦᠨ ᠪᠠᠶᠢᠭᠤᠯᠤᠭᠰᠠᠨ ᠪᠥᠭᠡᠳ ᠠᠰᠢᠭᠯᠠᠯᠲᠠ ᠳᠤ ᠣᠷᠣᠭᠤᠯᠵᠠᠢ᠃      ᠲᠤᠬᠠᠶ ᠶᠢᠨ ᠡᠳᠦᠷ᠂ ᠰᠤᠷᠪᠤᠯᠵᠢᠯᠠᠭᠴᠢ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠲᠤ ᠬᠦᠷᠴᠦ ᠦᠵᠡᠭᠰᠡᠨ ᠨᠢ᠂ ᠨᠠᠶᠢᠳᠠᠨ ᠲᠡᠵᠢᠭᠡᠯᠭᠡᠭᠰᠡᠨ ᠲᠡᠮᠡᠭᠡ ᠨᠢᠭᠡ ᠨᠢᠭᠡ ᠪᠠᠷ ᠢᠶᠠᠨ ᠲᠠᠷᠭᠤ ᠬᠦᠴᠦ ᠰᠠᠶᠢᠲᠠᠶ᠂ ᠥᠩᠭᠡ ᠦᠰᠦ ᠨᠢ ᠤᠯᠠᠭᠠᠨ᠂ ᠲᠡᠵᠢᠭᠡᠨ ᠦᠷᠡᠵᠢᠭᠦᠯᠬᠦ ᠠᠵᠢᠯᠲᠠᠳ ᠲᠡᠮᠡᠭᠡ ᠶᠢ ᠲᠥᠪᠯᠡᠷᠡᠭᠦᠯᠦᠨ ᠳᠠᠰᠬᠠᠵᠤ ᠪᠠᠶᠢᠯ᠎ᠠ᠃      ᠥᠪᠥᠷ ᠮᠣᠩᠭᠤᠯ ᠤᠨ ᠰᠥᠨᠢᠳ ᠪᠠᠷᠠᠭᠤᠨ ᠬᠤᠰᠢᠭᠤᠨ ᠤ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠬᠤᠸᠠᠩ ᠶᠠᠨ ᠬᠡᠯᠡᠬᠦ ᠳᠡᠭᠡᠨ᠄ ︽︿ᠳᠡᠮᠡᠭᠡᠨ ᠰᠦ﹀ ᠶᠢᠨ ᠲᠥᠷᠥᠯ ᠵᠦᠢᠯ ᠥᠨᠥᠳᠦᠷ ᠵᠢᠩᠬᠢᠨᠢ ᠪᠠᠷ ᠠᠰᠢᠭᠯᠠᠯᠲᠠ ᠳᠤ ᠣᠷᠣᠵᠤ᠂ ᠣᠲᠣ ᠨᠢᠭᠡ ᠰᠦᠷᠦᠭ ᠳᠡᠮᠡᠭᠡ᠂ ᠰᠦ ᠰᠠᠭᠠᠬᠤ ᠲᠢᠩᠬᠢᠮ ᠨᠢᠭᠡ᠂ ᠬᠠᠷᠢᠶᠠᠲᠤ ᠬᠡᠷ ᠪᠠᠶᠢᠰᠢᠩ ᠨᠢᠭᠡ᠂ ᠲᠡᠮᠡᠭᠡ 80 ᠬᠤᠤᠰ ᠪᠠᠶᠢᠵᠤ᠂ ᠪᠢᠳᠡ ᠦᠢᠯᠡᠳᠪᠣᠷᠢ ᠮᠠᠯᠵᠢᠯ ᠤᠨ ᠲᠠᠯᠠᠪᠠᠶ ᠪᠠᠷ ᠬᠡᠷ ᠪᠦᠯᠢ ᠶᠢᠨ ᠮᠠᠯᠵᠢᠯ ᠤᠨ ᠲᠠᠯᠠᠪᠠᠶ ᠶᠢᠨ ᠬᠤᠷᠰᠢᠶ᠎ᠠ ᠶᠢ ᠳᠠᠶᠢᠴᠢᠯᠠᠵᠤ᠂ ᠮᠠᠨ ᠤ ᠲᠡᠮᠡᠭᠡ ᠲᠡᠵᠢᠭᠡᠬᠦ ᠶᠢ ᠨᠠᠩ ᠵᠢᠷᠤᠮᠵᠢᠭᠤᠯᠵᠤ᠂ ᠤᠷᠢᠳ ᠢᠶᠠᠷ ᠤᠷᠤᠭᠰᠢᠯᠠᠭᠤᠯᠬᠤ ᠪᠣᠯᠤᠨ᠎ᠠ᠃ ᠠᠰᠢᠭᠯᠠᠯᠲᠠ ᠳᠤ ᠤᠷᠤᠭᠰᠠᠨ ᠤ ᠳᠠᠷᠠᠭ᠎ᠠ᠂ ᠪᠢᠳᠡ ᠲᠡᠮᠡᠭᠡᠨ ᠤ ᠠᠵᠤ ᠦᠢᠯᠡᠰ ᠤᠨ ᠳᠠᠪᠠᠭᠤᠯᠢᠭ ᠲᠤ ᠲᠦᠰᠢᠭᠯᠡᠨ᠂ ᠳᠠᠪᠠᠭᠤᠯᠢᠭ ᠢᠶᠠᠨ ᠠᠵᠤ ᠠᠬᠤᠶᠢᠴᠢᠯᠠᠬᠤ ᠪᠣᠯᠭᠠᠨ ᠬᠤᠪᠢᠷᠠᠭᠤᠯᠵᠤ᠂ ᠮᠠᠨ ᠤ ᠮᠠᠯᠴᠢᠨ ᠭᠠᠴᠠᠭᠠᠨ ᠤ ᠪᠠᠶᠠᠵᠢᠨ ᠴᠢᠨᠡᠭᠡᠯᠢᠭᠵᠢᠬᠦ ᠳᠤ ᠨᠠᠩ ᠰᠠᠶᠢᠨ ᠠᠵᠠ ᠲᠣᠬᠢᠶᠠᠯ ᠠᠪᠴᠢᠷᠠᠬᠤ ᠪᠣᠯᠤᠨ᠎ᠠ︾ ᠭᠡᠵᠡᠶ᠃       ᠤᠨᠴᠠᠯᠢᠬᠳᠤ ᠮᠠᠯ ᠲᠡᠵᠢᠭᠡᠪᠦᠷᠢ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠳᠣᠯᠠᠳᠠ᠂ ᠮᠠᠯᠴᠢᠳ ᠢ ᠬᠥᠲᠥᠯᠥᠨ ᠵᠢᠯᠣᠭᠤᠳᠴᠤ ᠤᠯᠠᠮᠵᠢᠯᠠᠯᠲᠤ ᠮᠠᠯᠵᠢᠯ ᠠᠴᠠ ᠣᠳᠣᠬᠢᠴᠢᠯᠠᠭᠰᠠᠨ ᠬᠠᠰᠢᠶᠠᠯᠠᠨ ᠲᠡᠵᠢᠭᠡᠬᠦ ᠮᠠᠯ ᠠᠵᠤ ᠠᠬᠤᠶ ᠳᠠᠰᠢ ᠬᠤᠪᠢᠷᠠᠭᠤᠯᠤᠨ᠂ ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠠᠴᠠ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠭᠦᠨᠵᠡᠭᠡᠶ ᠳᠥᠯᠭᠢᠨ ᠠᠬᠢᠭᠤᠯᠬᠤ ᠳᠤᠮᠳᠠ᠂ 2024 ᠣᠨ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠳᠥᠯᠭᠢᠨ ᠠᠬᠢᠭᠤᠯᠬᠤ ᠨᠥᠬᠦᠪᠥᠷᠢ ᠪᠠᠯᠠ ᠮᠥᠩᠭᠦ ᠶᠢ 660 ᠲᠦᠮᠡᠨ ᠲᠥᠭᠦᠷᠢᠭ ᠣᠷᠣᠭᠤᠯᠵᠤ᠂ 2025 ᠣᠨ ᠳᠤ 200 ᠲᠦᠮᠡᠨ ᠲᠥᠭᠦᠷᠢᠭ ᠣᠷᠣᠭᠤᠯᠬᠤ ᠪᠠᠷ ᠲᠥᠯᠥᠪᠯᠡᠵᠦ᠂ ᠬᠦᠭᠵᠢᠯᠳᠣᠶᠠᠭ᠎ᠠ ᠭᠠᠴᠠᠭᠠᠨ ᠤ ᠬᠤᠪᠢ ᠣᠷᠣᠭᠤᠯᠤᠭᠰᠠᠨ ᠠᠵᠤ ᠠᠬᠤᠶ ᠶᠢᠨ ᠬᠤᠷᠰᠢᠶ᠎ᠠ ᠥᠪᠡᠰᠦᠪᠡᠨ 15 ᠲᠦᠮᠡᠨ ᠲᠥᠭᠦᠷᠢᠭ ᠤᠨ ᠪᠠᠯᠠ ᠮᠥᠩᠭᠦ ᠴᠤᠭᠯᠠᠭᠤᠯᠵᠤ᠂ ᠲᠣᠰ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠶᠡᠬᠡᠪᠡᠷ ᠲᠡᠳᠬᠦᠵᠦ᠂ ︽ᠰᠠᠭᠤᠷᠢᠨ ᠭᠠᠵᠠᠷ ᠤᠨ ᠮᠠᠯᠵᠢᠬᠤ ᠡᠷᠦᠬᠡ ᠶᠢᠨ ᠬᠡᠷ ᠪᠦᠯᠢ ᠶᠢᠨ ᠮᠠᠯᠵᠢᠯ ᠤᠨ ᠲᠠᠯᠠᠪᠠᠶ︾ ᠶᠢᠨ ᠨᠢᠭᠲᠠ ᠬᠡᠯᠪᠡᠷᠢ ᠶᠢᠨ ᠮᠠᠯᠴᠢᠨ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠬᠤ ᠲᠣᠭᠲᠠᠴᠠ ᠶᠢ ᠪᠠᠶᠢᠭᠤᠯᠪᠠ᠃      ᠲᠡᠮᠡᠭᠡᠨ ᠤ ᠠᠮᠢ ᠨᠠᠰᠤ ᠤᠷᠲᠤ ᠲᠤᠯᠠ᠂ ᠠᠵᠤ ᠠᠬᠤᠢ ᠶᠢᠨ ᠦᠷ᠎ᠡ ᠠᠰᠢᠭ ᠰᠠᠶᠢᠨ ᠪᠠᠶᠢᠳᠠᠭ᠃ ᠥᠩᠭᠡᠷᠡᠭᠰᠡᠨ ᠳᠤ᠂ ᠮᠠᠨ ᠤ ᠬᠤᠲᠠ ᠶᠢᠨ ᠮᠠᠰᠢ ᠣᠯᠠᠨ ᠮᠠᠯᠴᠢᠨ ᠠᠶᠢᠯ ᠤᠨ ᠲᠡᠮᠡᠭᠡ ᠤᠷᠲᠤ ᠬᠤᠭᠤᠴᠠᠭ᠎ᠠ ᠪᠠᠷ ᠲᠠᠷᠬᠠᠢ ᠲᠡᠵᠢᠭᠡᠬᠦ ᠪᠠᠶᠢᠳᠠᠯ ᠳᠤ ᠣᠷᠣᠭᠰᠠᠨ ᠪᠠᠶᠢᠨ᠎ᠠ᠃ ᠲᠣᠰ ᠰᠠᠭᠤᠷᠢᠨ ᠭᠠᠵᠠᠷ ᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠨᠠᠶᠢᠳᠠᠨ ᠬᠠᠮᠢᠶᠠᠷᠤᠭᠤᠯᠵᠤ ᠣᠷᠣᠯᠠᠨ ᠲᠡᠵᠢᠭᠡᠬᠦ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠡᠵᠢᠭᠡᠨ ᠦᠷᠡᠵᠢᠭᠦᠯᠬᠦ ᠡᠷᠦᠬᠡ ᠶᠢ ᠬᠥᠲᠥᠯᠦᠨ ᠵᠢᠯᠣᠭᠤᠳᠴᠤ ᠪᠠᠶᠢᠭᠠᠳ ᠰᠦ ᠰᠢᠭᠦᠷᠡᠭᠦᠯᠬᠦ ᠬᠤᠭᠤᠴᠠᠭᠠᠨ ᠤ ᠢᠩᠭᠡᠨ ᠪᠠ ᠪᠣᠲᠣᠭᠤ ᠶᠢ ᠰᠠᠭᠤᠷᠢᠨ ᠭᠠᠵᠠᠷ ᠲᠤ ᠲᠥᠪᠯᠡᠷᠡᠭᠦᠯᠦᠨ ᠨᠠᠶᠢᠳᠠᠨ ᠲᠡᠵᠢᠭᠡᠯᠭᠡᠵᠦ᠂ ᠡᠭᠦᠨ ᠤ ᠤᠯᠠᠮ ᠠᠴᠠ ᠠᠵᠤ ᠠᠬᠤᠶᠢᠯᠠᠯ ᠤᠨ ᠬᠥᠭᠵᠢᠯᠲᠡ᠂ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ᠂ ᠨᠤᠲᠤᠭ ᠪᠡᠯᠴᠢᠭᠡᠷ ᠤᠨ ᠳᠠᠷᠤᠭᠠᠰᠤ ᠶᠢ ᠬᠥᠩᠭᠡᠷᠡᠭᠦᠯᠬᠦ ᠬᠠᠮᠲᠤ ᠪᠠᠷ ᠠᠰᠢᠭ ᠭᠥᠷᠳᠡᠬᠦ ᠵᠠᠭᠪᠤᠷ ᠢ ᠪᠡᠶᠡᠯᠡᠭᠦᠯᠵᠦ᠂ ᠮᠠᠨ ᠤ ᠬᠤᠲᠠ ᠶᠢᠨ ᠤᠨᠴᠠᠯᠢᠭᠳᠤ ᠠᠵᠤ ᠦᠢᠯᠡᠰ ᠢ ᠲᠠᠰᠤᠷᠠᠯᠲᠠ ᠥᠬᠡᠶ ᠪᠤᠶᠢᠵᠢᠭᠤᠯᠤᠨ ᠪᠤᠵᠠᠭᠠᠶᠢᠷᠠᠭᠤᠯᠵᠤ᠂ ᠪᠣᠭᠤᠮᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠨᠠᠩ ᠰᠠᠶᠢᠨ ᠬᠦᠴᠦᠨ ᠨᠡᠮᠡᠷᠢᠯᠡᠨ᠎ᠡ᠃      ᠣᠶᠢᠯᠠᠭᠠᠭᠰᠠᠨ ᠢᠶᠠᠷ᠂ ᠣᠳᠣᠬᠠᠨ ᠳᠤ ᠮᠠᠨ ᠤ ᠬᠤᠲᠠ ᠶᠢᠨ ᠣᠯᠠᠨ ᠮᠠᠯᠵᠢᠬᠤ ᠡᠷᠦᠬᠡ ᠰᠠᠭᠤᠷᠢᠨ ᠭᠠᠵᠠᠷ ᠲᠠᠢ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号