ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ 2025 ᠣᠨ ᠤ 11 ᠳ᠋ᠤᠭᠡᠷ ᠤᠳᠠᠭᠠᠨ ᠤ ᠬᠤᠷᠠᠯ ᠵᠢᠴᠢ ᠬᠤᠲᠠ ᠶᠢᠨ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ 2025 ᠣᠨ ᠤ ᠠᠩᠬᠠᠳᠤᠭᠠᠷ ᠤᠳᠠᠭᠠᠨ ᠤ ᠬᠤᠷᠠᠯ ᠬᠤᠷᠠᠯᠳᠤᠭᠤᠯᠵᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2025/3/26
    3 ᠰᠠᠷ᠎ᠠ ᠶᠢᠨ 24 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ 2025 ᠣᠨ ᠤ 11 ᠳ᠋ᠤᠭᠡᠷ ᠤᠳᠠᠭᠠᠨ ᠤ ᠬᠤᠷᠠᠯ ᠵᠢᠴᠢ ᠬᠤᠲᠠ ᠶᠢᠨ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ 2025 ᠣᠨ ᠤ ᠠᠩᠬᠠᠳᠤᠭᠠᠷ ᠤᠳᠠᠭᠠᠨ ᠤ ᠬᠤᠷᠠᠯ ᠢ ᠬᠤᠷᠠᠯᠳᠤᠭᠤᠯᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠢ ᠰᠤᠳᠤᠯᠤᠨ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠰᠠᠨ ᠱᠢ ᠬᠤᠷᠠᠯ ᠢ ᠡᠷᠭᠢᠯᠡᠪᠡ᠃     ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠭᠦᠢᠵᠧᠦ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠭᠠᠴᠢᠯᠠᠭᠰᠠᠨ ᠲᠦᠪᠰᠢᠨ ᠢ ᠳᠡᠭᠡᠭᠰᠢᠯᠡᠭᠦᠯᠵᠦ᠂ ᠰᠠᠯᠠᠭ᠎ᠠ ᠮᠥᠴᠢᠷ ᠠᠯᠤᠰᠯᠠᠭᠰᠠᠨ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠪᠠ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ ᠶᠢ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃ ᠭᠠᠳᠠᠭᠠᠳᠤ ᠠᠵᠢᠯᠯᠠᠭ᠎ᠠ ᠶᠢ ᠨᠠᠷᠢᠨ ᠬᠢᠨᠠᠮᠠᠭᠠᠢ ᠲᠥᠯᠥᠪᠵᠢᠭᠦᠯᠵᠦ᠂ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠳᠠᠯᠳᠠ ᠬᠦᠴᠦᠨ ᠢ ᠦᠷᠭᠦᠯᠵᠢᠯᠡᠨ ᠪᠠᠳᠠᠷᠠᠭᠤᠯᠬᠤ ᠬᠡᠷᠡᠭᠲᠡᠢ᠃ ᠡᠯ᠎ᠡ ᠱᠠᠲᠤᠨ ᠤ ᠤᠳᠤᠷᠢᠳᠬᠤ ᠺᠠᠳ᠋ᠷ ᠰᠤᠷᠲᠠᠯ ᠤᠨ ᠪᠠᠶᠢᠭᠤᠯᠤᠯᠲᠠ ᠶᠢ ᠲᠤᠪᠤᠶᠢᠮ᠎ᠠ ᠪᠠᠶᠢᠷᠢᠨ ᠳᠤ ᠲᠠᠯᠪᠢᠨ ᠠᠳᠬᠤᠵᠤ᠂ ᠬᠤᠷᠢᠭ᠎ᠠ ᠱᠤᠭᠤᠮ ᠤᠨ ᠤᠯᠠᠭᠠᠨ ᠱᠤᠭᠤᠮ ᠢ ᠰᠠᠶᠢᠲᠤᠷ ᠰᠠᠬᠢᠵᠤ᠂ ᠪᠡᠯᠡ ᠮᠥᠩᠭᠦ ᠶᠢᠨ ᠬᠡᠷᠡᠭᠯᠡᠯᠲᠡ ᠶᠢᠨ ᠠᠮᠤᠷ ᠲᠦᠪᠰᠢᠨ᠂ ᠲᠦᠷᠦᠯ ᠵᠦᠢᠯ ᠢ ᠥᠨᠳᠥᠷ ᠪᠦᠲᠦᠮᠵᠢᠲᠡᠢ ᠠᠬᠢᠭᠤᠯᠬᠤ ᠶᠢ ᠪᠠᠲᠤᠯᠠᠬᠤ ᠬᠡᠷᠡᠭᠲᠡᠢ᠃      ᠬᠤᠷᠠᠯ ᠠᠴᠠ ︽ᠪᠦᠬᠦ ᠨᠠᠮ ᠳᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ᠪᠣᠯᠤᠨ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠬᠤᠳᠠ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠬᠠᠮᠰᠠᠷ ᠠᠴᠠ ᠪᠠᠨ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠳᠡᠭᠡᠷ᠎ᠡ ᠨᠢᠭᠡᠳᠬᠡᠵᠦ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠰᠢ ᠦᠭᠡᠢ ᠲᠤᠭᠤᠰᠢᠯᠠᠭᠤᠯᠬᠤ ᠶᠢ ᠠᠬᠢᠭᠤᠯᠵᠤ᠂ ᠰᠤᠷᠤᠯᠴᠠᠯᠭ᠎ᠠ ᠬᠥᠮᠦᠵᠢᠯ ᠢᠶᠠᠷ ᠠᠵᠠ ᠲᠣᠬᠢᠶᠠᠯ ᠪᠣᠯᠭᠠᠨ ᠰᠤᠷᠲᠠᠯ ᠤᠨ ᠪᠠᠶᠢᠭᠤᠯᠤᠯᠲᠠ ᠶᠢ ᠴᠢᠩᠭ᠎ᠠ ᠰᠠᠶᠢᠲᠤᠷ ᠠᠳᠬᠤᠵᠤ᠂ ᠰᠤᠷᠲᠠᠯ ᠢ ᠰᠠᠶᠢᠵᠢᠷᠠᠭᠤᠯᠤᠭᠰᠠᠨ ᠪᠣᠳᠠᠲᠠᠢ ᠦᠷ᠎ᠡ ᠪᠦᠲᠦᠮᠵᠢ ᠪᠠᠷ ︽ᠬᠤᠶᠠᠷ ᠢ ᠲᠣᠭᠲᠠᠭᠠᠬᠤ︾ ᠶᠢ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ︽ᠰᠤᠷᠤᠯᠴᠠᠬᠤ︾ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠢ ᠪᠦᠬᠦ ᠬᠤᠲᠠ ᠶᠢᠨ ᠲᠥᠪᠯᠡᠷᠡᠭᠦᠯᠦᠨ ᠰᠤᠷᠤᠯᠴᠠᠬᠤ ᠴᠢᠬᠤᠯᠠ ᠠᠭᠤᠯᠭ᠎ᠠ ᠳᠤ ᠣᠷᠣᠭᠤᠯᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠡᠯ᠎ᠡ ᠱᠠᠲᠤᠨ ᠤ ᠺᠠᠳ᠋ᠷ ᠤᠨ ᠰᠡᠳᠬᠢᠯ ᠳᠤ ᠬᠠᠳᠠᠩᠰᠢᠭᠤᠯᠤᠨ᠎ᠠ᠃ ︽ᠪᠠᠶᠢᠴᠠᠭᠠᠬᠤ︾ ᠪᠠᠷ ᠭᠤᠣᠯᠳᠠᠯᠭ᠎ᠠ ᠪᠣᠯᠭᠠᠬᠤ ᠶᠢ ᠪᠠᠷᠢᠮᠲᠠᠯᠠᠵᠤ᠂ ᠠᠰᠠᠭᠤᠳᠠᠯ ᠢ ᠣᠨᠣᠪᠴᠢᠲᠠᠢ ᠪᠠᠶᠢᠷᠢ ᠲᠣᠭᠲᠠᠭᠠᠬᠤ ᠬᠡᠷᠡᠭᠲᠡᠢ᠃ ᠠᠰᠠᠭᠤᠳᠠᠯ ᠢ ᠪᠠᠶᠢᠴᠠᠭᠠᠨ ᠳᠡᠯᠭᠡᠬᠦ ᠶᠢ ᠭᠦᠨᠵᠡᠭᠡᠢ ᠠᠬᠢᠭᠤᠯᠵᠤ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠶᠢ ᠰᠠᠶᠢᠲᠤᠷ ᠵᠣᠬᠢᠶᠠᠨ ᠪᠠᠶᠢᠭᠤᠯᠤᠨ ᠥᠷᠨᠢᠭᠦᠯᠵᠦ᠂ ᠤᠬᠠᠮᠰᠠᠷ ᠠᠴᠠ ᠪᠠᠨ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ ᠤᠯᠠᠨ ᠲᠦᠮᠡᠨ ᠤ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ᠂ ᠤᠯᠠᠨ ᠲᠦᠮᠡᠨ ᠤ ᠬᠢᠨᠠᠯᠲᠠ ᠲᠠᠯᠪᠢᠵᠤ ᠦᠨᠡᠯᠡᠨ ᠮᠠᠭᠠᠳᠯᠠᠬᠤ ᠶᠢ ᠤᠬᠠᠮᠰᠠᠷ ᠠᠴᠠ ᠪᠠᠨ ᠬᠦᠯᠢᠶᠡᠵᠦ᠂ ᠪᠠᠶᠢᠴᠠᠭᠠᠵᠤ ᠭᠠᠷᠭᠠᠭᠰᠠᠨ ᠠᠰᠠᠭᠤᠳᠠᠯ ᠢ ᠤᠨᠢᠨ ᠳᠡᠭᠡᠷ᠎ᠡ ᠨᠢ ᠪᠦᠲᠦᠮᠵᠢᠲᠡᠢ ᠪᠠᠶᠢᠯᠭᠠᠬᠤ ᠶᠢ ᠪᠠᠲᠤᠯᠠᠬᠤ ᠬᠡᠷᠡᠭᠲᠡᠢ᠃ ︽ᠥᠭᠡᠷᠡᠴᠢᠯᠡᠬᠦ︾ ᠶᠢ ᠴᠢᠬᠤᠯᠠᠴᠢᠯᠠᠬᠤ ᠶᠢ ᠪᠠᠷᠢᠮᠲᠠᠯᠠᠵᠤ᠂ ᠨᠠᠶᠢᠳᠠᠪᠤᠷᠢᠵᠢᠭᠤᠯᠤᠯᠲᠠ ᠶᠢᠨ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠶ᠃ ᠪᠠᠶᠢᠴᠠᠭᠠᠨ ᠭᠠᠷᠭᠠᠭᠰᠠᠨ ᠠᠰᠠᠭᠤᠳᠠᠯ ᠳᠤ ᠴᠢᠭᠯᠡᠭᠦᠯᠦᠨ᠂ ᠴᠡᠭᠴᠡᠯᠡᠨ ᠰᠠᠶᠢᠵᠢᠷᠠᠭᠤᠯᠬᠤ ᠡᠬᠡ ᠲᠠᠩᠰᠠ ᠪᠠᠶᠢᠭᠤᠯᠵᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ ᠂ ᠳ᠋ᠤᠭᠠᠷ ᠬᠠᠰᠤᠬᠤ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠶ᠃      ᠬᠤᠷᠠᠯ ᠠᠴᠠ ᠪᠠᠰᠠ ︽ᠪᠥᠬᠦ ᠬᠤᠲᠠ ᠳᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠥᠰᠦᠯ︾ ᠪᠠ ︽ᠡᠷᠢᠶᠡᠨ ᠬᠤᠲᠠ ᠶᠢᠨ ᠤᠳᠤᠷᠢᠳᠬᠤ ᠺᠠᠳ᠋ᠷ ᠤᠨ ᠭᠤᠤᠯᠳᠠᠯᠭ᠎ᠠ ᠲᠠᠢ ᠠᠵᠤ ᠠᠬᠤᠶᠢᠯᠠᠯ ᠪᠠ ᠲᠥᠷᠥᠯ ᠵᠦᠢᠯ ᠢ ᠳᠠᠭᠠᠭᠠᠴᠢᠯᠠᠨ ᠬᠤᠯᠪᠣᠭᠠᠯᠠᠬᠤ ᠲᠣᠭᠲᠠᠴᠠ︾ ᠶᠢ ᠰᠤᠳᠤᠯᠤᠨ ᠬᠢᠨᠠᠨ ᠵᠥᠪᠯᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号