| | 3 ᠰᠠᠷ᠎ᠠ ᠶᠢᠨ 25 ᠤ ᠡᠳᠦᠷ᠂ ᠬᠤᠲᠠ ᠶᠢᠨ ᠵᠠᠰᠠᠭ ᠤᠨ ᠣᠷᠳᠣᠨ 2025 ᠣᠨ ᠤ 6 ᠳ᠋ᠤᠭᠠᠷ | ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ | ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ | ᠶᠠᠷᠢᠶ᠎ᠠ᠂ ᠳᠡᠭᠡᠳᠦ ᠱᠠᠲᠤᠨ ᠤ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ | ᠵᠠᠰᠠᠭ ᠤᠨ ᠣᠷᠳᠣᠨ ᠤ ᠰᠢᠰᠲ᠋ᠧᠮ ᠤᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ | ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ | ᠬᠤᠲᠠ ᠶᠢᠨ ᠳᠠᠷᠤᠭ᠎ᠠ ᠮᠠ ᠬᠠᠶ ᠲᠤᠤ ᠬᠤᠷᠠᠯ ᠡᠷᠭᠢᠯᠡᠪᠡ᠃ | ᠬᠤᠷᠠᠯ ᠠᠴᠠ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ | ᠬᠥᠭᠵᠢᠯᠲᠡ ᠶᠢᠨ ᠢᠲᠡᠭᠡᠯ ᠵᠣᠷᠢᠭ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠤᠯᠤᠰ ᠤᠨ ᠨᠡᠶᠢᠲᠡᠯᠡᠭᠰᠡᠨ ᠠᠯᠢ | ᠣᠯᠠᠨ ᠲᠥᠷᠥ ᠶᠢᠨ ᠪᠣᠳᠣᠯᠭ᠎ᠠ ᠶᠢᠨ ᠴᠢᠬᠤᠯᠠ ᠶᠡᠭᠡ ᠠᠰᠢᠭ ᠲᠤᠰᠠ ᠶᠢ ᠠᠳᠬᠤᠵᠤ᠂ ᠲᠥᠷᠥ ᠶᠢᠨ ᠪᠣᠳᠣᠯᠭ᠎ᠠ᠂ | ᠪᠠᠯᠠ ᠮᠥᠩᠭᠦ ᠣᠯᠵᠤ ᠳᠤᠮᠳᠠᠳᠤ ᠮᠣᠩᠭᠤᠯ ᠤᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠵᠡᠷᠭᠡ ᠭᠠᠳᠠᠭᠠᠳᠤ | ᠨᠡᠭᠡᠭᠡᠯᠲᠡ ᠶᠢᠨ ᠲᠠᠪᠴᠠᠩ ᠤᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠳᠡᠮᠵᠢᠵᠦ᠂ ᠰᠢᠨᠵᠢᠯᠡᠬᠦ ᠤᠬᠠᠭᠠᠨ | ᠮᠡᠷᠭᠡᠵᠢᠯ ᠤᠨ ᠪᠦᠰᠡᠯᠡᠯᠲᠡ ᠶᠢ ᠰᠢᠪᠲᠤᠯᠬᠤ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠣᠷᠣᠨ ᠪᠦᠰᠡ ᠶᠢᠨ | ᠬᠠᠮᠲᠤᠷᠠᠯᠴᠠᠭᠠᠨ ᠤ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ | ᠪᠠᠬᠢᠯᠡᠯᠲᠡ ᠶᠢᠨ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠬᠤ ᠴᠡᠭ ᠢ ᠪᠥᠬᠦ ᠬᠦᠴᠦᠨ ᠢᠶᠠᠷ ᠢᠶᠠᠨ ᠪᠥᠲᠥᠭᠡᠨ | ᠪᠠᠶᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ ︽ᠴᠡᠷᠢᠭ ᠠᠩᠭᠢ ᠪᠠ ᠣᠷᠣᠨ ᠨᠤᠲᠤᠭ ᠨᠢᠭᠡ ᠬᠥᠯᠭᠡ ᠰᠢᠲᠠᠷ᠎ᠠ︾ | ᠶᠢ ᠪᠠᠷᠢᠮᠲᠠᠯᠠᠵᠤ᠂ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ ᠠᠵᠢᠯ ᠢ ᠭᠦᠨᠵᠡᠭᠡᠶ ᠰᠠᠶᠢᠲᠤᠷ ᠬᠢᠵᠦ᠂ ᠪᠥᠬᠦ | ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ᠶᠢᠨ ︽ᠲᠠᠪᠤᠨ ᠵᠢᠯ ᠳᠠᠷᠠᠭᠠᠯᠠᠨ ᠡᠭᠦᠳᠬᠦ︾ ᠶᠢ | ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠨᠠᠮ ᠤᠨ ᠲᠥᠪ | ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠪᠠ ᠶᠢᠰᠦᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ | ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠬᠢᠨᠠᠨ ᠪᠤᠳᠤᠬᠤ ᠠᠵᠢᠯ ᠤᠨ ᠲᠤᠬᠠᠢ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠪᠦᠬᠦ ᠤᠯᠤᠰ᠂ ᠪᠦᠬᠦ ᠣᠷᠣᠨ ᠤ ᠬᠢᠨᠠᠨ ᠪᠤᠳᠤᠬᠤ ᠠᠵᠢᠯ ᠤᠨ ᠬᠤᠷᠠᠯ ᠤᠨ | ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠤᠯᠤᠰ ᠲᠦᠷᠦ ᠶᠢᠨ ᠠᠮᠤᠷ ᠲᠦᠪᠰᠢᠨ᠂ ᠨᠡᠶᠢᠭᠡᠮ ᠤᠨ | ᠲᠣᠭᠲᠠᠭᠤᠨ ᠵᠡᠷᠭᠡ ᠬᠦᠷᠢᠶ᠎ᠡ ᠶᠢ ᠴᠢᠩᠭ᠎ᠠ ᠠᠩᠬᠠᠷᠴᠤ᠂ ᠠᠮᠤᠷ ᠲᠦᠪᠰᠢᠨ ᠤ ᠭᠡᠮ ᠰᠣᠭᠤᠭ ᠢ ᠵᠢᠭᠰᠠᠭᠠᠨ | ᠪᠠᠶᠢᠴᠠᠭᠠᠬᠤ ᠶᠢ ᠭᠦᠨᠵᠡᠭᠡᠢ ᠥᠷᠨᠢᠭᠦᠯᠵᠦ᠂ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ | ᠤᠨᠲᠠᠷᠠᠭᠠᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠥᠨᠳᠥᠷ ᠲᠦᠪᠰᠢᠨ ᠪᠦᠬᠦᠢ | ᠠᠮᠤᠷ ᠲᠦᠪᠰᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠠᠵᠤ | ᠠᠬᠤᠢ ᠶᠢᠨ ᠬᠢᠨᠠᠯᠲᠠ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ ᠴᠢᠬᠤᠯᠠ ᠶᠡᠭᠡ ᠪᠠᠶᠢᠯᠳᠤᠬᠤ ᠪᠤᠳᠤᠯᠭ᠎ᠠ᠂ | ᠲᠦᠷᠦ ᠶᠢᠨ ᠪᠤᠳᠤᠯᠭ᠎ᠠ᠂ ᠲᠦᠷᠦᠯ ᠵᠦᠢᠯ ᠵᠡᠷᠭᠡ ᠲᠠᠯ᠎ᠠ ᠳᠠᠬᠢ ᠬᠢᠨᠠᠨ ᠪᠤᠳᠤᠯᠳᠠ ᠶᠢᠨ ᠬᠢᠨᠠᠯᠲᠠ ᠶᠢ ᠴᠢᠩᠭᠠᠳᠬᠠᠵᠤ᠂ | ᠡᠯ᠎ᠡ ᠲᠦᠷᠦᠯ ᠤᠨ ᠬᠢᠨᠠᠯᠲᠠ ᠶᠢ ᠨᠡᠪᠲᠡᠷᠡᠯᠴᠡᠭᠦᠯᠦᠨ ᠵᠣᠬᠢᠴᠠᠭᠤᠯᠬᠤ ᠶᠢ ᠦᠷᠭᠦᠯᠵᠢᠯᠡᠨ ᠠᠬᠢᠭᠤᠯᠵᠤ᠂ ᠬᠢᠨᠠᠨ | ᠪᠤᠳᠤᠯᠳᠠ ᠶᠢᠨ ᠦᠷ᠎ᠡ ᠪᠦᠲᠦᠭᠡᠯ ᠤᠨ ᠡᠷᠬᠡ ᠰᠦᠷ ᠲᠠᠢ ᠥᠨᠳᠥᠷ ᠪᠦᠲᠦᠮᠵᠢᠲᠡᠢ ᠬᠡᠷᠡᠭᠯᠡᠯᠲᠡ ᠶᠢ ᠠᠬᠢᠭᠤᠯᠬᠤ | ᠬᠡᠷᠡᠭᠲᠡᠢ᠃ | ᠬᠤᠷᠠᠯ ᠠᠴᠠ ᠵᠠᠰᠠᠭ ᠤᠨ ᠣᠷᠳᠣᠨ ᠤ ᠰᠢᠰᠲ᠋ᠧᠮ ᠤᠨ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠳᠤ ᠲᠣᠬᠢᠷᠠᠭᠤᠯᠤᠯᠲᠠ | ᠪᠠᠶᠢᠷᠢᠯᠠᠭᠤᠯᠤᠯᠲᠠ ᠬᠢᠵᠦ᠂ ᠲᠣᠰ ᠤᠳᠠᠭᠠᠨ ᠤ ᠰᠤᠷᠤᠯᠴᠠᠯᠭ᠎ᠠ ᠬᠥᠮᠦᠵᠢᠯ ᠤᠨ ᠴᠢᠬᠤᠯᠠ ᠠᠴᠢ ᠬᠤᠯᠪᠣᠭᠳᠠᠯ ᠢ | ᠭᠦᠨᠵᠡᠭᠡᠶ ᠲᠠᠨᠢᠵᠤ᠂ ︽ᠰᠤᠷᠤᠯᠴᠠᠬᠤ᠂ ᠪᠠᠶᠢᠴᠠᠭᠠᠬᠤ᠂ ᠥᠭᠡᠷᠡᠴᠢᠯᠡᠬᠦ︾ ᠶᠢ ᠡᠳᠦᠷ ᠲᠤᠲᠤᠮ ᠤᠨ ᠠᠵᠢᠯ ᠳᠠᠭᠠᠨ | ᠠᠭᠤᠰᠬᠠᠵᠤ᠂ ᠪᠥᠬᠦ ᠬᠦᠴᠦᠨ ᠢᠶᠠᠷ ᠢᠶᠠᠨ ᠠᠰᠠᠭᠤᠳᠠᠯ ᠢ ᠪᠠᠶᠢᠴᠠᠭᠠᠨ ᠳᠡᠯᠭᠡᠵᠦ᠂ ᠰᠡᠷᠡᠮᠵᠢᠯᠡᠭᠦᠯᠬᠦ ᠬᠥᠮᠦᠵᠢᠯ ᠢ | ᠯᠠᠪᠳᠠᠭᠤᠨ ᠪᠠᠲᠤᠲᠠᠶ ᠥᠷᠨᠢᠭᠦᠯᠵᠦ᠂ ︽ᠣᠳᠣᠬᠠᠨ ᠳᠤ ᠥᠭᠡᠷᠡᠴᠢᠯᠡᠬᠦ︾ ᠪᠠ ︽ᠣᠷᠳᠣ ᠬᠤᠭᠤᠴᠠᠭ᠎ᠠ ᠪᠠᠷ | ᠪᠠᠶᠢᠭᠤᠯᠬᠤ︾ ᠶᠢ ᠨᠢᠭᠡ ᠴᠤᠭᠴᠠᠵᠢᠭᠤᠯᠤᠨ ᠠᠬᠢᠭᠤᠯᠵᠤ᠂ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠶ | ᠥᠷᠨᠢᠭᠦᠯᠵᠦ᠂ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |