【 ᠲᠠᠪᠤᠨ ᠶᠡᠭᠡ ᠡᠭᠦᠷᠭᠡ ᠶᠢᠨ ᠠᠮᠵᠢᠯᠲᠠ ᠤᠯᠬᠤ ᠶᠢ ᠠᠬᠢᠭᠤᠯᠤᠨ᠎ᠠ 】 ᠡᠷᠢᠶᠡᠨ ᠬᠤᠲᠠ ᠶᠢᠨ ᠵᠠᠰᠠᠮᠠᠯ ᠵᠠᠮ ᠤᠨ ᠪᠣᠭᠤᠮᠲᠠ ᠪᠠᠷ ᠣᠷᠣᠵᠤ ᠢᠷᠡᠬᠦ ᠲᠡᠷᠭᠡ ᠬᠥᠰᠬᠡ ᠶᠢᠨ ᠳᠠᠭᠠᠳᠬᠠᠯ ᠨᠢ ᠬᠢᠯᠢ ᠠᠯᠤᠰᠯᠠᠭᠰᠠᠨ ᠲᠡᠷᠭᠡ ᠬᠥᠰᠬᠡ ᠳᠤ ᠪᠠᠲᠤᠯᠠᠭ᠎ᠠ ᠶᠢᠨ ᠰᠡᠷᠭᠡᠶᠢᠯᠡᠯᠲᠡ ᠶᠢᠨ ᠱᠤᠭᠤᠮ ᠢ ᠪᠠᠲᠤ ᠪᠠᠶᠢᠭᠤᠯᠪᠠ
ᠨᠡᠶᠢᠲᠡᠯᠡᠭᠰᠡᠨ ᠴᠠᠭ᠄
2025/3/28
     ᠳᠤᠮᠳᠠᠳᠤ ᠮᠣᠩᠭᠤᠯ ᠬᠤᠶᠠᠷ ᠤᠯᠤᠰ ᠤᠨ ᠠᠵᠤ ᠠᠬᠤᠶ᠂ ᠰᠣᠶᠣᠯ᠂ ᠵᠢᠭᠤᠯᠴᠢᠯᠠᠯ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠶᠢᠨ ᠲᠠᠰᠤᠷᠠᠯᠲᠠ ᠥᠬᠡᠶ ᠭᠦᠨᠵᠡᠭᠡᠶᠢᠷᠡᠬᠦ ᠶᠢ ᠳᠠᠭᠠᠯᠳᠤᠨ᠂ ᠬᠢᠯᠢ ᠠᠯᠤᠰᠯᠠᠭᠰᠠᠨ ᠵᠠᠮ ᠬᠠᠷᠢᠯᠴᠠᠭᠠᠨ ᠤ ᠬᠡᠷᠡᠭᠴᠡᠭᠡ ᠡᠳᠦᠷ ᠢᠷᠡᠬᠦᠶ᠎ᠡ ᠨᠡᠮᠡᠭᠳᠡᠵᠦ ᠪᠠᠶᠢᠨ᠎ᠠ᠃ ᠭᠠᠳᠠᠭᠠᠳᠤ ᠤᠯᠤᠰ ᠤᠨ ᠬᠠᠷᠢᠶ᠎ᠠ ᠳᠤ ᠣᠷᠣᠵᠤ ᠢᠷᠡᠭᠰᠡᠨ ᠲᠡᠷᠭᠡ ᠬᠥᠰᠬᠡ ᠶᠢᠨ ᠮᠠᠨ ᠤ ᠤᠯᠤᠰ ᠤᠨ ᠬᠢᠯᠢ ᠳᠣᠲᠣᠷ᠎ᠠ ᠶᠠᠪᠤᠵᠤ ᠪᠠᠶᠢᠭ᠎ᠠ ᠠᠮᠤᠷ ᠲᠦᠪᠰᠢᠨ ᠢ ᠪᠠᠲᠤᠯᠠᠬᠤ ᠶᠢᠨ ᠳᠣᠯᠠᠳᠠ᠂ ᠡᠷᠢᠶᠡᠨ ᠬᠤᠲᠠ ᠶᠢᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠪᠤᠷᠢ ᠲᠣᠪᠴᠢᠶ᠎ᠠ ᠲᠥᠷᠥ ᠶᠢᠨ ᠪᠣᠳᠣᠯᠭ᠎ᠠ ᠪᠠᠷ ᠤᠳᠤᠷᠢᠳᠤᠮᠵᠢ ᠪᠣᠯᠭᠠᠵᠤ᠂ ᠬᠠᠷᠢᠶ᠎ᠠ ᠣᠷᠣᠨ ᠤ ᠳᠠᠭᠠᠳᠬᠠᠯ ᠤᠨ ᠪᠠᠶᠢᠭᠤᠯᠤᠮᠵᠢ ᠶᠢ ᠬᠥᠲᠥᠯᠦᠨ ᠵᠢᠯᠣᠭᠤᠳᠴᠤ ᠪᠠᠶᠢᠭᠠᠳ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠭᠤᠯᠤᠨ᠂ ᠵᠠᠰᠠᠮᠠᠯ ᠵᠠᠮ ᠤᠨ ᠪᠣᠭᠤᠮᠲᠠ ᠪᠠᠷ ᠣᠷᠣᠵᠤ ᠢᠷᠡᠬᠦ ᠲᠡᠷᠭᠡ ᠬᠥᠰᠬᠡ ᠶᠢᠨ ᠳᠠᠭᠠᠳᠬᠠᠯ ᠤᠨ ᠲᠦᠢᠯ ᠤᠨ ᠬᠠᠨᠳᠤᠯᠭᠠᠲᠤ ᠴᠢᠨᠠᠷᠲᠠᠶ ᠲᠤᠬᠠᠶᠢᠯᠠᠭᠰᠠᠨ ᠠᠵᠢᠯ ᠢ ᠴᠠᠭ ᠲᠤᠨᠢ ᠳᠣᠭᠢᠷᠠᠭᠤᠯᠤᠨ ᠬᠡᠷᠡᠭᠵᠢᠭᠦᠯᠵᠦ᠂ ᠬᠢᠯᠢ ᠠᠯᠤᠰᠯᠠᠭᠰᠠᠨ ᠲᠡᠷᠭᠡ ᠬᠥᠰᠬᠡ ᠶᠢ ᠪᠥᠬᠦ ᠲᠠᠯ᠎ᠠ ᠪᠠᠷ ᠬᠠᠮᠠᠭᠠᠯᠠᠨ᠎ᠠ᠃       ᠬᠢᠯᠢ ᠪᠠᠷ ᠣᠷᠣᠵᠤ ᠢᠷᠡᠬᠦ ᠲᠡᠷᠭᠡ ᠬᠥᠰᠬᠡ ᠶᠢᠨ ᠳᠠᠭᠠᠳᠬᠠᠯ ᠬᠠᠷᠢᠭᠤᠴᠠᠬᠤ ᠲᠤᠬᠠᠶᠢᠯᠠᠭᠰᠠᠨ ᠠᠵᠢᠯ ᠢ ᠬᠦᠢᠴᠡᠳᠬᠡᠬᠦ ᠳᠤ ᠴᠤᠪᠤᠷᠠᠯ ᠨᠢ ᠲᠦᠢᠯ ᠤᠨ ᠳᠥᠭᠦᠮ ᠪᠠᠶᠢᠳᠠᠭ᠂ ᠲᠡᠷᠭᠡᠨ ᠤ ᠡᠵᠡᠨ ᠵᠥᠪᠬᠡᠨ ᠫᠠᠰᠫᠣᠷᠲ᠂ ᠵᠠᠮ ᠳᠤ ᠭᠠᠷᠬᠤ ᠦᠨᠡᠮᠯᠡᠯ᠂ ᠨᠡᠪᠲᠡᠷᠡᠬᠦ ᠦᠨᠡᠮᠯᠡᠯ ᠵᠢᠴᠢ PDF ᠪᠢᠴᠢᠭ ᠮᠠᠲ᠋ᠧᠷᠢᠶᠠᠯ ᠢ ᠬᠠᠩᠭᠠᠪᠠᠯ ᠪᠣᠯᠴᠢᠬᠠᠨ᠎ᠠ᠃ ᠨᠢᠭᠡᠨᠲᠡ ᠳᠠᠭᠠᠳᠬᠠᠭᠰᠠᠨ ᠭᠠᠳᠠᠭᠠᠳᠤ ᠶᠢᠨ ᠬᠠᠷᠢᠶᠠᠲᠤ ᠬᠢᠯᠢ ᠪᠠᠷ ᠣᠷᠣᠵᠤ ᠢᠷᠡᠭᠰᠡᠨ ᠲᠡᠷᠭᠡ ᠬᠥᠰᠬᠡ ᠨᠢ ᠮᠠᠨ ᠤ ᠤᠯᠤᠰ ᠤᠨ ᠬᠢᠯᠢ ᠳᠣᠲᠣᠷ᠎ᠠ ᠮᠥᠷᠭᠦᠯᠳᠦᠬᠦ᠂ ᠵᠦᠯᠭᠦᠬᠦ᠂ ᠬᠥᠮᠥᠨ ᠬᠠᠷ᠎ᠠ ᠶᠢ ᠭᠡᠮᠲᠦᠭᠡᠬᠦ ᠵᠡᠷᠭᠡ ᠡᠯ᠎ᠡ ᠲᠥᠷᠥᠯ ᠤᠨ ᠵᠠᠮ ᠬᠠᠷᠢᠯᠴᠠᠭᠠᠨ ᠤ ᠠᠳᠡᠯ ᠭᠠᠷᠪᠠᠯ᠂ ᠳᠠᠭᠠᠳᠬᠠᠯ ᠤᠨ ᠺᠣᠮᠫᠠᠨᠢ ᠠᠴᠠ ᠭᠡᠷ᠎ᠡ ᠶᠢᠨ ᠪᠣᠯᠵᠤᠭ᠎ᠠ ᠶᠢ ᠴᠢᠩᠭ᠎ᠠ ᠵᠢᠷᠤᠮᠯᠠᠨ᠂ ᠲᠡᠷᠭᠡ ᠬᠥᠰᠬᠡ ᠶᠢ ᠰᠡᠯᠪᠢᠨ ᠵᠠᠰᠠᠬᠤ᠂ ᠭᠤᠷᠪᠠᠳᠠᠬᠢ ᠡᠲᠡᠭᠡᠳ ᠤᠨ ᠡᠳ᠋ ᠬᠥᠷᠥᠩᠭᠡ ᠶᠢᠨ ᠬᠤᠬᠢᠷᠠᠯ ᠵᠢᠴᠢ ᠬᠥᠮᠥᠨ ᠤ ᠪᠡᠶ᠎ᠡ ᠶᠢᠨ ᠭᠡᠮᠲᠦᠯ ᠢ ᠲᠥᠯᠥᠬᠦ ᠬᠠᠷᠢᠭᠤᠴᠠᠯᠭ᠎ᠠ ᠶᠢ ᠡᠭᠦᠷᠭᠡᠯᠡᠨ᠎ᠡ᠃       3 ᠰᠠᠷ᠎ᠠ ᠶᠢᠨ 26 ᠤ ᠡᠳᠦᠷ ᠪᠣᠯᠲᠠᠯ᠎ᠠ᠂ ᠡᠷᠢᠶᠡᠨ ᠬᠤᠲᠠ ᠶᠢᠨ ᠵᠠᠰᠠᠮᠠᠯ ᠵᠠᠮ ᠤᠨ ᠪᠣᠭᠤᠮᠲᠠ ᠪᠠᠷ ᠣᠷᠣᠵᠤ ᠢᠷᠡᠭᠰᠡᠨ ᠮᠠᠰᠢᠨ ᠲᠡᠷᠭᠡᠨ ᠤ ᠳᠠᠭᠠᠳᠬᠠᠯ ᠤᠨ ᠳᠠᠭᠠᠭᠠᠴᠠ ᠶᠢᠨ ᠬᠡᠮᠵᠢᠶ᠎ᠡ ᠨᠠᠶᠢᠳᠠ 1755 ᠬᠤᠪᠢ ᠪᠠᠶᠢᠵᠦ᠂ ᠳᠠᠭᠠᠳᠬᠠᠯ ᠤᠨ ᠰᠦᠢᠳᠭᠡᠯ ᠤᠨ ᠬᠡᠪᠴᠢᠶ᠎ᠡ ᠨᠢ 161.39 ᠲᠦᠮᠡᠨ ᠲᠥᠭᠦᠷᠢᠭ ᠲᠤ ᠬᠦᠷᠴᠡᠢ᠃ ᠬᠠᠷᠢᠶ᠎ᠠ ᠣᠷᠣᠨ ᠳᠤ ᠮᠣᠩᠭᠤᠯ ᠤᠯᠤᠰ ᠤᠨ 42 ᠲᠡᠷᠭᠡᠨ ᠡᠵᠡᠨ ᠳᠤ 42.25 ᠲᠦᠮᠡᠨ ᠲᠥᠭᠦᠷᠢᠭ ᠤᠨ ᠲᠡᠷᠭᠡ ᠬᠥᠰᠬᠡ ᠶᠢᠨ ᠲᠥᠯᠥᠪᠦᠷᠢ ᠥᠭᠬᠦ ᠬᠠᠷᠢᠭᠤᠴᠠᠯᠭ᠎ᠠ ᠶᠢᠨ ᠳᠠᠭᠠᠳᠬᠠᠯ ᠬᠢᠵᠦ ᠥᠭᠪᠡ᠃       ᠡᠷᠢᠶᠡᠨ ᠬᠤᠲᠠ ᠶᠢᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠪᠤᠷᠢ ᠲᠣᠪᠴᠢᠶ᠎ᠠ ᠶᠢᠨ ᠳᠠᠷᠤᠭ᠎ᠠ ᠯᠢᠦ ᠬᠠᠶ ᠶᠠᠨ ᠬᠡᠯᠡᠭᠰᠡᠨ ᠨᠢ᠄ ︽ᠡᠷᠢᠶᠡᠨ ᠬᠤᠲᠠ ᠶᠢᠨ ᠬᠠᠷᠢᠶ᠎ᠠ ᠳᠣᠲᠣᠷ᠎ᠠ 24 ᠴᠠᠭ ᠤᠨ ᠬᠡᠷᠡᠭ ᠮᠡᠳᠡᠭᠦᠯᠬᠦ ᠬᠠᠯᠠᠭᠤᠨ ᠤᠲᠠᠰᠤ ᠭᠠᠷᠭᠠᠵᠤ᠂ ᠳᠠᠭᠠᠳᠬᠠᠯ ᠤᠨ ᠲᠤᠰᠬᠠᠢ ᠮᠡᠷᠭᠡᠵᠢᠯ ᠤᠨ ᠠᠵᠢᠯᠲᠠᠨ ᠳᠠᠷᠤᠶ ᠲᠦᠷᠭᠡᠨ ᠴᠤᠤᠷᠢᠶᠠᠲᠤᠨ ᠳᠠᠭᠠᠬᠤ ᠶᠢᠨ ᠬᠠᠮᠲᠤ ᠨᠠᠷᠢᠯᠢᠭ ᠣᠨᠣᠴᠠᠲᠠᠶ ᠪᠠᠷ ᠦᠨᠡᠯᠡᠨ ᠵᠢᠱᠢᠵᠦ᠂ ᠬᠤᠬᠢᠷᠠᠯ ᠢ ᠲᠣᠭᠲᠠᠭᠠᠬᠤ ᠠᠵᠢᠯ ᠢ ᠴᠠᠭ ᠲᠤᠬᠠᠶ ᠳᠤᠨᠢ ᠪᠡᠶᠡᠯᠡᠭᠦᠯᠵᠦ᠂ ᠲᠡᠷᠭᠡᠨ ᠤ ᠡᠵᠡᠨ ᠤ ᠬᠦᠯᠢᠶᠡᠬᠦ ᠴᠠᠭ ᠢ ᠶᠡᠭᠡ ᠪᠠᠷ ᠪᠣᠭᠤᠨᠢᠰᠬᠠᠭᠰᠠᠨ ᠪᠠᠶᠢᠨ᠎ᠠ᠃ ᠭᠠᠳᠠᠭᠠᠳᠤ ᠶᠢᠨ ᠬᠠᠷᠢᠶ᠎ᠠ ᠲᠠᠢ ᠲᠡᠷᠭᠡᠨ ᠤ ᠡᠵᠡᠨ ᠬᠡᠯᠡᠨ ᠤ ᠨᠡᠪᠲᠡᠷᠡᠯᠴᠡᠭᠡ ᠶᠢᠨ ᠬᠦᠴᠢᠷᠳᠡᠯ ᠳᠤ ᠲᠤᠯᠭᠠᠷᠠᠵᠤ ᠮᠡᠳᠡᠬᠦ ᠶᠢ ᠪᠣᠳᠣᠯᠬᠢᠯᠠᠵᠤ᠂ ᠲᠤᠰᠬᠠᠶᠢᠯᠠᠨ ᠮᠣᠩᠭᠤᠯ ᠬᠡᠯᠡ ᠳᠤ ᠨᠡᠪᠲᠡᠷᠡᠭᠰᠡᠨ ᠲᠥᠯᠥᠪᠦᠷᠢ ᠶᠢᠨ ᠦᠢᠯᠡᠴᠢᠯᠡᠭᠡᠨ ᠤ ᠪᠦᠯᠬᠦᠮ ᠢ ᠲᠤᠰᠬᠠᠶᠢᠯᠠᠨ ᠲᠣᠬᠢᠷᠠᠭᠤᠯᠵᠤ᠂ ᠲᠥᠯᠥᠪᠦᠷᠢ ᠶᠢᠨ ᠶᠠᠪᠤᠴᠠ ᠶᠢᠨ ᠰᠠᠭᠠᠳ ᠦᠭᠡᠢ ᠨᠡᠪᠲᠡᠷᠡᠬᠦ ᠶᠢ ᠦᠨᠡᠨ ᠬᠦ ᠪᠠᠲᠤᠯᠠᠪᠠ︾ ᠬᠡᠵᠡᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号