ᠬᠤᠲᠠ ᠶᠢᠨ ᠵᠠᠰᠠᠭ ᠤᠨ ᠣᠷᠳᠣᠨ ᠤ 2025 ᠣᠨ ᠤ ᠳᠥᠷᠪᠡᠳᠦᠭᠡᠷ ᠤᠳᠠᠭᠠᠨ ᠤ ᠪᠠᠶᠢᠩᠭᠤ ᠶᠢᠨ ᠬᠤᠷᠠᠯ ᠵᠢᠴᠢ ᠬᠤᠲᠠ ᠶᠢᠨ ᠠᠵᠤ ᠠᠬᠤᠶ ᠶᠢᠨ ᠪᠠᠶᠢᠭᠤᠯᠤᠯ ᠪᠠ ᠠᠮᠢ ᠠᠬᠤᠶ ᠶᠢᠨ ᠪᠣᠯᠪᠠᠰᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠤᠰᠬᠠᠶ ᠳᠤᠭᠤᠶᠢᠯᠠᠩ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/3/5
    3 ᠰᠠᠷ᠎ᠠ ᠶᠢᠨ 4 ᠤ ᠡᠳᠦᠷ᠂ ᠬᠤᠲᠠ ᠶᠢᠨ ᠵᠠᠰᠠᠭ ᠤᠨ ᠣᠷᠳᠣᠨ 2025 ᠣᠨ ᠤ ᠳᠥᠷᠪᠡᠳᠦᠭᠡᠷ ᠤᠳᠠᠭᠠᠨ ᠤ ᠪᠠᠶᠢᠩᠭᠤ ᠶᠢᠨ ᠬᠤᠷᠠᠯ ᠵᠢᠴᠢ ᠬᠤᠲᠠ ᠶᠢᠨ ᠠᠵᠤ ᠠᠬᠤᠶ ᠶᠢᠨ ᠪᠠᠶᠢᠭᠤᠯᠤᠯ ᠪᠠ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠲᠤᠰᠬᠠᠶ ᠳᠤᠭᠤᠶᠢᠯᠠᠩ ᠤᠨ ᠬᠤᠷᠠᠯ ᠬᠤᠷᠠᠯᠳᠤᠭᠤᠯᠵᠤ᠂ ᠣᠳᠣᠬᠠᠨ ᠤ ᠭᠤᠤᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠮᠠ ᠬᠠᠶ ᠲᠤᠤ ᠬᠤᠷᠠᠯ ᠡᠷᠭᠢᠯᠡᠪᠡ᠃     ᠬᠤᠷᠠᠯ ᠠᠴᠠ 2025 ᠣᠨ ᠤ ᠡᠩ ᠤᠨ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢᠨ ᠬᠢᠵᠠᠭᠠᠷ ᠲᠤᠭ᠎ᠠ ᠶᠢ ᠬᠤᠪᠢᠶᠠᠷᠢᠯᠠᠬᠤ ᠵᠦᠢᠯᠡᠰ ᠢ ᠰᠤᠳᠤᠯᠤᠨ ᠬᠢᠨᠠᠨ ᠵᠥᠪᠯᠡᠵᠦ᠂ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ ᠰᠢᠨᠵᠢᠯᠡᠬᠦ ᠤᠬᠠᠭᠠᠨᠴᠢ ᠪᠠᠷ ᠬᠤᠪᠢᠶᠠᠷᠢᠯᠠᠬᠤ ᠨᠢ ᠮᠠᠨ ᠤ ᠬᠤᠲᠠ ᠶᠢᠨ ᠴᠢᠬᠤᠯᠠ ᠶᠡᠭᠡ ᠲᠦᠷᠦᠯ ᠵᠦᠢᠯ᠂ ᠪᠡᠯᠡ ᠣᠷᠣᠭᠤᠯᠤᠯᠲᠠ ᠶᠢ ᠥᠷᠭᠡᠳᠬᠡᠬᠦ᠂ ᠤᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠬᠦ᠂ ᠠᠵᠤ ᠠᠬᠤᠢ ᠶᠢᠨ ᠨᠡᠮᠡᠭᠳᠡᠯ ᠢ ᠲᠣᠭᠲᠠᠪᠤᠷᠢᠵᠢᠭᠤᠯᠬᠤ ᠳᠤ ᠴᠢᠬᠤᠯᠠ ᠦᠢᠯᠡᠳᠦᠯ ᠲᠠᠢ ᠶᠤᠮ᠃ ᠡᠯ᠎ᠡ ᠰᠠᠯᠠᠭ᠎ᠠ ᠮᠥᠴᠢᠷ ᠤᠳ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠤᠷ᠎ᠠ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠣᠳᠠᠲᠤ ᠠᠵᠢᠯ ᠤᠨ ᠬᠡᠮᠵᠢᠶ᠎ᠡ ᠶᠢ ᠡᠷᠲᠡᠬᠡᠨ ᠪᠤᠢ ᠪᠣᠯᠭᠠᠵᠤ᠂ ᠪᠡᠯᠡ ᠮᠥᠩᠭᠦ ᠶᠢᠨ ᠦᠷ᠎ᠡ ᠠᠰᠢᠭ ᠢ ᠪᠠᠳᠠᠷᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠢᠯᠪᠠᠷ ᠪᠤᠰᠤ ᠪᠠᠷ ᠣᠯᠤᠭᠰᠠᠨ ᠳᠡᠭᠡᠳᠦ ᠱᠠᠲᠤᠨ ᠤ ᠪᠡᠯᠡ ᠮᠥᠩᠭᠦ ᠶᠢᠨ ᠳᠡᠮᠵᠢᠯᠭᠡ ᠶᠢ ᠪᠠᠲᠤ ᠡᠵᠡᠮᠳᠡᠵᠦ᠂ ᠨᠠᠷᠢᠨ ᠨᠢᠭᠲᠠ ᠪᠤᠳᠤᠬᠤ ᠶᠢ ᠪᠠᠷᠢᠮᠲᠠᠯᠠᠵᠤ᠂ ᠵᠣᠭᠤᠰ ᠨᠢᠭᠡᠪᠦᠷᠢ ᠶᠢ ᠴᠥᠮ ᠵᠠᠩᠭᠢᠯᠠᠭ᠎ᠠ ᠶᠢᠨ ᠭᠠᠵᠠᠷ ᠲᠤᠨᠢ ᠬᠡᠷᠡᠭᠯᠡᠵᠦ᠂ ᠴᠢᠬᠤᠯᠠ ᠭᠠᠵᠠᠷ ᠲᠤ ᠬᠡᠷᠡᠭᠯᠡᠬᠦ ᠬᠡᠷᠡᠭᠲᠡᠢ ᠃ ᠴᠢᠨᠠᠷ ᠰᠠᠶᠢᠲᠠᠢ ᠲᠦᠷᠦᠯ ᠵᠦᠢᠯ ᠤᠨ ᠨᠥᠭᠡᠴᠡ ᠪᠠ ᠪᠠᠶᠢᠷᠢᠰᠢᠭᠤᠯᠤᠯᠲᠠ ᠶᠢ ᠰᠠᠶᠢᠲᠤᠷ ᠬᠢᠵᠦ᠂ ᠠᠵᠢᠯ ᠢᠶᠠᠨ ᠲᠡᠷᠢᠭᠦᠨ ᠳᠤ ᠲᠠᠯᠪᠢᠵᠤ᠂ ᠲᠦᠷᠦᠯ ᠵᠦᠢᠯ ᠤᠨ ᠪᠣᠯᠪᠠᠰᠤᠷᠠᠩᠭᠤᠢ ᠬᠡᠮᠵᠢᠶ᠎ᠡ ᠶᠢ ᠳᠡᠭᠡᠭᠰᠢᠯᠡᠭᠦᠯᠵᠦ᠂ ᠨᠡᠩ ᠤᠯᠠᠨ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢᠨ ᠳᠡᠮᠵᠢᠯᠭᠡ ᠤᠯᠬᠤ ᠳᠤ ᠰᠠᠶᠢᠲᠤᠷ ᠰᠠᠭᠤᠷᠢ ᠲᠠᠯᠪᠢᠬᠤ ᠬᠡᠷᠡᠭᠲᠡᠢ᠃    ᠬᠤᠷᠠᠯ ᠠᠴᠠ ᠪᠠᠰᠠ ︽ᠡᠷᠢᠶᠡᠨ ᠬᠤᠳᠠ ᠶᠢᠨ ᠬᠤᠶᠠᠳᠤᠭᠠᠷ ᠡᠭᠡᠯᠵᠢ ᠶᠢᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠭᠰᠠᠨ ᠮᠡᠳᠡᠭᠦᠯᠦᠯᠲᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠴᠡᠭᠴᠡᠯᠡᠨ ᠰᠠᠶᠢᠵᠢᠷᠠᠭᠤᠯᠬᠤ ᠲᠥᠰᠦᠯ︾ ᠢ ᠰᠤᠳᠤᠯᠤᠨ ᠬᠢᠨᠠᠨ ᠵᠥᠪᠯᠡᠵᠦ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠶᠠᠳᠤᠭᠠᠷ ᠡᠭᠡᠯᠵᠢ ᠶᠢᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠲᠡᠷᠡ ᠬᠡᠪ ᠢᠶᠠᠷ ᠨᠢ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠴᠡᠭᠴᠡᠯᠡᠨ ᠰᠠᠶᠢᠵᠢᠷᠠᠭᠤᠯᠬᠤ ᠲᠥᠰᠦᠯ᠂ ᠡᠭᠦᠷᠭᠡ ᠶᠢᠨ ᠠᠵᠢᠯ ᠤᠨ ᠬᠤᠪᠢᠶᠠᠷᠢᠯᠠᠯ ᠢ ᠴᠢᠩᠭ᠎ᠠ ᠵᠢᠷᠤᠮᠯᠠᠨ᠂ ᠰᠠᠨᠠᠭᠠᠴᠢᠯᠠᠭ᠎ᠠ ᠠᠴᠠ ᠪᠠᠨ ᠪᠠᠷᠢᠮᠵᠢᠶᠠᠯᠠᠨ ᠬᠠᠷᠭᠤᠭᠤᠯᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠪᠠᠲᠤ ᠡᠵᠡᠮᠳᠡᠵᠦ᠂ ᠬᠠᠷᠢᠭᠤ ᠲᠤᠰᠬᠠᠭᠰᠠᠨ ᠠᠰᠠᠭᠤᠳᠠᠯ ᠢ ᠴᠠᠭ ᠲᠤᠬᠠᠶ ᠳᠤᠨᠢ ᠬᠦᠴᠦᠨ ᠥᠬᠡᠶ ᠪᠣᠯᠭᠠᠬᠤ᠂ ᠴᠡᠭᠴᠡᠯᠡᠨ ᠰᠠᠶᠢᠵᠢᠷᠠᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号