ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠷᠢᠨ ᠭᠤᠷᠪᠠᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/5
    3 ᠰᠠᠷ᠎ᠠ ᠶᠢᠨ 4 ᠤ ᠡᠳᠦᠷ᠂ ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠷᠢᠨ ᠭᠤᠷᠪᠠᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠶᠠᠨ ᠬᠤᠩ ᠬᠤᠷᠠᠯ ᠢ ᠡᠷᠭᠢᠯᠡᠪᠡ᠃      ᠬᠤᠷᠠᠯ ᠳᠤ ᠣᠷᠣᠯᠴᠠᠬᠤ ᠶᠣᠰᠣᠲᠠᠶ ᠪᠦᠷᠢᠯᠳᠦᠬᠦᠨ 33 ᠬᠥᠮᠦᠨ᠂ ᠪᠣᠳᠠᠲᠠᠶ ᠣᠷᠣᠯᠴᠠᠭᠰᠠᠨ ᠨᠢ 25 ᠬᠥᠮᠦᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠨ᠎ᠡ᠃      ᠬᠤᠷᠠᠯ ᠠᠴᠠ ᠬᠤᠳᠠ ᠶᠢᠨ ᠵᠠᠰᠠᠭ ᠤᠨ ᠣᠷᠳᠣᠨ ᠤ ᠭᠠᠳᠠᠭᠠᠳᠤ ᠶᠠᠪᠤᠳᠠᠯ ᠤᠨ ᠠᠵᠢᠯ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠲᠦᠷᠢᠮ ᠤᠨ ᠠᠵᠢᠯ ᠤᠨ ᠵᠥᠪᠯᠡᠯ ᠤᠨ 2024 ᠣᠨ ᠤ ᠳᠠᠩᠰᠠᠯᠠᠭᠤᠯᠤᠨ ᠬᠢᠨᠠᠨ ᠪᠠᠶᠢᠴᠠᠭᠠᠭᠰᠠᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠪᠡ︔ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠᠨ ᠤ ᠳᠠᠷᠤᠭ᠎ᠠ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠤᠨ ᠮᠡᠳᠡᠭᠦᠯᠦᠯᠲᠡ ᠶᠢ ᠰᠣᠨᠣᠰᠪᠠ︔ ︽ᠡᠷᠢᠶᠡᠨ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ 2025 ᠣᠨ ᠤ ᠠᠵᠢᠯ ᠤᠨ ᠭᠤᠣᠯᠳᠠᠯᠭ᠎ᠠ︾ ᠶᠢ ᠬᠢᠨᠠᠨ ᠵᠥᠪᠯᠡᠵᠦ ᠪᠠᠲᠤᠯᠠᠪᠠ︔ ︽ᠡᠷᠢᠶᠡᠨ ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠭᠡᠰᠢᠭᠦᠨ ᠳᠤ ᠲᠣᠬᠢᠷᠠᠭᠤᠯᠤᠯᠲᠠ ᠬᠢᠬᠦ ᠲᠤᠬᠠᠢ ᠲᠣᠭᠲᠠᠭᠠᠯ︾ ᠢ ᠪᠠᠲᠤᠯᠠᠪᠠ᠃      ᠬᠤᠷᠠᠯ ᠠᠴᠠ᠂ ᠲᠤᠰ ᠤᠳᠠᠭ᠎ᠠ ᠶᠢᠨ ᠬᠤᠷᠠᠯ ᠠᠴᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ 2025 ᠣᠨ ᠤ ᠠᠵᠢᠯ ᠤᠨ ᠭᠤᠣᠯᠳᠠᠯᠭ᠎ᠠ ᠶᠢ ᠬᠢᠨᠠᠨ ᠵᠥᠪᠯᠡᠵᠦ ᠪᠠᠲᠤᠯᠠᠨ᠂ ᠪᠦᠬᠦ ᠵᠢᠯ ᠤᠨ ᠬᠢᠨᠠᠯᠲᠠ ᠲᠠᠯᠪᠢᠬᠤ᠂ ᠲᠥᠯᠥᠭᠡᠯᠡᠭᠴᠢᠳ ᠤᠨ ᠠᠵᠢᠯ ᠢ ᠨᠠᠷᠢᠨ ᠨᠢᠭᠲᠠ ᠲᠤᠬᠢᠷᠠᠭᠤᠯᠤᠨ ᠪᠠᠶᠢᠷᠢᠯᠠᠭᠤᠯᠵᠤ᠂ ᠪᠠᠶᠢᠩᠭᠤ ᠶᠢᠨ ᠬᠤᠷᠢᠶᠠᠨ ᠤ ᠡᠯ᠎ᠡ ᠪᠦᠷᠢᠯᠳᠦᠬᠦᠨ ᠨᠡᠷ ᠠᠵᠢᠯ ᠤᠨ ᠭᠤᠣᠯᠳᠠᠯᠭ᠎ᠠ ᠶᠢᠨ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠪᠦᠬᠦ ᠵᠢᠯ ᠤᠨ ᠠᠵᠢᠯ ᠢᠶᠠᠨ ᠬᠠᠮᠲᠤᠪᠠᠷ ᠰᠠᠶᠢᠲᠤᠷ ᠪᠡᠶᠡᠯᠡᠭᠦᠯᠵᠦ᠂ ᠪᠣᠭᠤᠮᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号