ᠣᠯᠠᠨ ᠰᠠᠯᠠᠭ᠎ᠠ ᠮᠥᠴᠢᠷ ᠬᠠᠮᠲᠤᠷᠠᠨ ︽ᠭᠤᠷᠪᠠᠨ ᠰᠠᠷ᠎ᠠ ᠶᠢᠨ ᠨᠠᠢᠮᠠᠨ ᠤ︾ ᠳᠡᠯᠡᠬᠡᠢ ᠶᠢᠨ ᠡᠮᠡᠭᠲᠡᠶᠢᠴᠦᠳ ᠤᠨ ᠪᠠᠶᠠᠷ ᠢ ᠪᠡᠯᠭᠡᠯᠡᠬᠦ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2025/3/7
 115 ᠳᠠᠬᠢ ︽3 · 8︾ ᠤ ᠳᠡᠯᠡᠬᠡᠢ ᠶᠢᠨ ᠡᠮᠡᠭᠲᠡᠶᠢᠴᠦᠳ ᠤᠨ ᠪᠠᠶᠠᠷ ᠤᠨ ᠡᠳᠦᠷ ᠬᠦᠷᠴᠦ ᠢᠷᠡᠬᠦ ᠲᠠᠰᠢᠷᠠᠮ ᠢᠶᠠᠷ᠂ 3 ᠰᠠᠷ᠎ᠠ ᠶᠢᠨ 6 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠳᠡᠯᠡᠬᠡᠢ ᠶᠢᠨ ᠡᠮᠡᠭᠲᠡᠶᠢᠴᠦᠳ ᠤᠨ ᠪᠠᠶᠠᠷ ᠢ ᠪᠡᠯᠭᠡᠯᠡᠬᠦ ᠠᠵᠢᠯᠯᠠᠭ᠎ᠠ ᠶᠢ ᠥᠷᠨᠢᠭᠦᠯᠪᠡ᠃
  ᠣᠮᠤᠭ ᠲᠡᠭᠦᠯᠳᠡᠷ ᠰᠢᠯᠦᠭ ᠤᠶᠠᠩᠭᠠᠯᠠᠬᠤ ᠳᠤ᠂ ᠢᠷᠠᠭᠤ ᠰᠠᠶᠢᠬᠠᠨ ᠦᠭᠡ ᠬᠡᠯᠡ ᠪᠠᠷ ᠰᠢᠨ᠎ᠡ ᠴᠠᠭ ᠦᠶ᠎ᠡ ᠶᠢᠨ ᠡᠮᠡᠭᠲᠡᠶᠢᠴᠦᠳ ᠤᠨ ᠭᠤᠶᠠᠴᠢ ᠦᠭᠡᠢ ᠬᠤᠪᠢ ᠨᠡᠮᠡᠷᠢ ᠦᠵᠡᠭᠦᠯᠬᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ ᠬᠠᠶᠢᠷ᠎ᠠ ᠶᠢᠨ ᠵᠣᠷᠢᠭ ᠰᠠᠨᠠᠭ᠎ᠠ ᠶᠢ ᠭᠦᠢᠴᠡᠳ ᠬᠠᠷᠠᠭᠤᠯᠪᠠ︔ ᠲᠣᠭᠯᠠᠯᠲᠠ ᠨᠢ ᠠᠮᠢᠳᠤᠯᠢᠭ ᠪᠥᠵᠢᠭ ᠢᠶᠠᠷ ᠲᠤᠬᠠᠢ ᠶᠢᠨ ᠲᠠᠯᠠᠪᠠᠢ ᠶᠢᠨ ᠪᠠᠶᠠᠷ ᠪᠠᠭ᠋ᠠᠳᠤᠯ᠂ ᠡᠶ᠎ᠡ ᠵᠣᠬᠢᠴᠠᠩᠭᠤᠢ ᠠᠭᠤᠷ ᠠᠮᠢᠰᠬᠤᠯ ᠢ ᠣᠷᠭᠢᠯ ᠳᠤ ᠨᠢ ᠬᠦᠷᠭᠡᠵᠦ᠂ ᠲᠠᠶᠢᠰᠠᠨ ᠳᠣᠣᠷᠠᠬᠢ ᠦᠵᠡᠭᠴᠢᠳ ᠤᠨ ᠬᠠᠯᠠᠭᠤᠨ ᠠᠯᠠᠭ᠎ᠠ ᠲᠠᠰᠢᠯᠳᠠ ᠶᠢ ᠤᠯᠪᠠ᠃     ᠠᠵᠢᠯᠯᠠᠭ᠎ᠠ ᠶᠢᠨ ᠳᠤᠮᠳᠠ᠂ ᠠᠵᠢᠯᠯᠠᠭ᠎ᠠ ᠳᠤ ᠣᠷᠣᠯᠴᠠᠭᠰᠠᠨ ᠬᠤᠲᠠ ᠶᠢᠨ ᠤᠳᠤᠷᠢᠳᠤᠯᠭ᠎ᠠ ᠪᠠᠰᠠ ︽ᠤᠯᠤᠰ ᠤᠨ ᠬᠡᠦᠬᠡᠳ︾ ᠤᠨ ᠲᠥᠯᠥᠭᠡᠯᠡᠭᠴᠢᠳ ᠲᠤ ᠰᠣᠷᠭᠤᠭ ᠴᠡᠴᠡᠭ ᠬᠦᠷᠭᠡᠭᠰᠡᠨ ᠪᠥᠭᠡᠳ ᠲᠡᠳᠡᠨ ᠳᠤ ᠪᠠᠶᠠᠷ ᠤᠨ ᠡᠳᠦᠷ ᠤᠨ ᠵᠥᠩᠨᠡᠯ ᠳᠡᠪᠰᠢᠭᠦᠯᠪᠡ᠃    ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠨᠢ ᠡᠮᠡᠭᠲᠡᠶᠢᠴᠦᠳ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠥᠬᠡᠶ᠂ ᠡᠮᠡᠭᠲᠡᠶᠢᠴᠦᠳ ᠤᠨ ᠢᠳᠡᠪᠬᠢᠲᠡᠶ ᠪᠠᠷ ᠥᠭᠡᠳᠡᠯᠡᠨ ᠳᠠᠪᠰᠢᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠨᠠᠩ ᠢᠯᠡᠷᠡᠭᠦᠯᠵᠦ᠂ ᠡᠮᠡᠭᠲᠡᠶᠢᠴᠦᠳ ᠤᠨ ᠠᠵᠢᠯ ᠢ ᠬᠠᠯᠠᠮᠵᠢᠯᠠᠬᠤ᠂ ᠡᠮᠡᠭᠲᠡᠶᠢᠴᠦᠳ ᠤᠨ ᠦᠰᠦᠨ ᠪᠤᠶᠢᠵᠢᠯᠲᠠ ᠶᠢ ᠳᠡᠮᠵᠢᠬᠦ᠂ ᠡᠮᠡᠭᠲᠡᠶᠢᠴᠦᠳ ᠤᠨ ᠡᠷᠬᠡ ᠠᠰᠢᠭ ᠢ ᠬᠠᠮᠠᠭᠠᠯᠠᠬᠤ ᠠᠭᠤᠷ ᠠᠮᠢᠰᠬᠤᠯ ᠢ ᠪᠣᠶ ᠪᠣᠯᠭᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号