3 ᠰᠠᠷ᠎ᠠ ᠶᠢᠨ 5 ᠤ ᠡᠳᠦᠷ᠂ ᠬᠤᠲᠠ ᠶᠢᠨ ᠵᠠᠰᠠᠭ ᠤᠨ ᠣᠷᠳᠣᠨ 2025 ᠣᠨ ᠤ 5 ᠳ᠋ᠤᠭᠠᠷ ᠤᠳᠠᠭᠠᠨ ᠤ | ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ | ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ | ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ | ᠬᠤᠲᠠ ᠶᠢᠨ ᠳᠠᠷᠤᠭ᠎ᠠ ᠮᠠ ᠬᠠᠶ ᠲᠤᠤ ᠬᠤᠷᠠᠯ ᠡᠷᠭᠢᠯᠡᠪᠡ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ | ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠠᠷᠠᠳ ᠤᠨ | ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠰᠠᠶᠢᠲᠤᠷ ᠠᠳᠬᠤᠬᠤ ᠬᠠᠷᠢᠭᠤᠴᠠᠯᠭᠠᠲᠤ ᠰᠡᠳᠬᠢᠯᠭᠡ᠂ | ᠲᠤᠯᠭᠠᠮ᠎ᠠ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠨ ᠴᠢᠩᠭᠠᠳᠬᠠᠵᠤ᠂ ᠠᠵᠤ ᠠᠬᠤᠶᠢᠯᠠᠯ ᠢ ᠲᠤᠰᠠᠯᠠᠬᠤ | ᠠᠵᠢᠯᠯᠠᠭ᠎ᠠ ᠲᠠᠢ ᠤᠶᠠᠯᠳᠤᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠠᠩᠬᠠᠷᠤᠯ ᠳᠤ | ᠠᠩᠬᠠᠷᠤᠯ ᠢᠶᠠᠨ ᠲᠥᠪᠯᠡᠷᠡᠭᠦᠯᠵᠦ᠂ ᠬᠤᠳᠠ ᠶᠢᠨ ᠱᠠᠲᠤᠨ ᠤ ᠤᠳᠤᠷᠢᠳᠤᠯᠭ᠎ᠠ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠲᠠᠢ ᠬᠠᠷᠢᠯᠴᠠᠬᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠤ ᠲᠦᠷᠢᠮ ᠢ ᠭᠦᠨᠵᠡᠭᠡᠢ | ᠨᠠᠶᠢᠳᠠᠪᠤᠷᠢᠵᠢᠭᠤᠯᠵᠤ᠂ ᠤᠯᠠᠨ ᠲᠠᠯ᠎ᠠ ᠠᠴᠠ ᠵᠣᠯᠭᠠᠭᠤᠯᠬᠤ ᠨᠡᠪᠲᠡᠷᠡᠯᠴᠡᠬᠦ ᠲᠠᠪᠴᠠᠩ ᠢ ᠪᠠᠶᠢᠭᠤᠯᠵᠤ᠂ ᠠᠵᠤ | ᠠᠬᠤᠶᠢᠯᠠᠯ ᠳᠤ ᠬᠤᠯᠪᠣᠭᠳᠠᠬᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠵᠢᠷᠤᠮᠵᠢᠭᠤᠯᠵᠤ᠂ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠤᠨ ᠪᠤᠵᠠᠭᠠᠶᠢᠷᠠᠨ ᠰᠢᠯᠢᠳᠡᠭᠵᠢᠨ ᠬᠦᠴᠦᠷᠬᠡᠭᠵᠢᠬᠦ ᠶᠢ ᠳᠡᠮᠵᠢᠬᠦ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠯᠢᠶᠣᠤᠨᠢᠩ ᠳᠤ ᠰᠢᠨᠵᠢᠯᠡᠨ ᠪᠠᠶᠢᠴᠠᠭᠠᠬᠤ᠂ ᠭᠢᠷᠢᠨ | ᠮᠤᠵᠢ ᠶᠢᠨ ᠨᠠᠮ ᠤᠨ ᠬᠤᠷᠢᠶ᠎ᠠ ᠪᠣᠯᠤᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ | ᠰᠣᠨᠣᠰᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠷᠦᠩᠬᠡᠶ ᠱᠦᠵᠢ | ᠰᠢ ᠶᠢᠨ ᠫᠢᠩ ᠤᠨ ︽ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ | ᠲᠤᠬᠠᠶ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠷᠦᠩᠬᠡᠶ ᠱᠦᠵᠢ | ᠰᠢ ᠶᠢᠨ ᠫᠢᠩ ᠤᠨ ᠴᠢᠬᠤᠯᠠ ᠶᠠᠷᠢᠶ᠎ᠠ᠂ ᠵᠢᠭᠠᠪᠤᠷᠢ ᠶᠢᠨ ᠵᠣᠷᠢᠭ ᠰᠠᠨᠠᠭ᠎ᠠ ᠶᠢ ᠥᠪᠥᠷ ᠮᠣᠩᠭᠤᠯ ᠤᠨ ᠲᠤᠬᠠᠶ ᠴᠢᠬᠤᠯᠠ | ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠲᠠᠢ ᠤᠶᠠᠯᠳᠤᠭᠤᠯᠵᠤ᠂ ᠰᠢᠨ᠎ᠡ ᠴᠠᠭ ᠦᠶ᠎ᠡ ᠶᠢᠨ ᠵᠡᠭᠦᠨ ᠬᠤᠶᠢᠲᠤ | ᠣᠷᠣᠨ ᠤ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠡᠭᠡ ᠲᠠᠯ᠎ᠠ ᠳᠤ ᠰᠠᠨᠠᠭᠠᠴᠢᠯᠠᠭ᠎ᠠ ᠠᠴᠠ ᠪᠠᠨ | ᠠᠭᠤᠰᠤᠯᠴᠠᠵᠤ᠂ ᠪᠣᠭᠤᠮᠲᠠ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ ᠠᠵᠤ ᠠᠬᠤᠶ ᠶᠢᠨ ᠠᠵᠢᠯᠯᠠᠭᠠᠨ᠂ | ᠥᠭᠡᠷᠡᠴᠢᠯᠡᠯᠲᠡ ᠨᠡᠭᠡᠭᠡᠯᠲᠡ᠂ ᠠᠷᠠᠳ ᠤᠨ ᠠᠮᠢᠳᠤᠷᠠᠯ ᠤᠨ ᠠᠵᠠ ᠵᠢᠷᠭᠠᠯ ᠵᠡᠷᠭᠡ ᠠᠵᠢᠯ ᠢ ᠯᠠᠪᠳᠠᠭᠤᠨ ᠪᠠᠲᠤᠲᠠᠶ | ᠰᠠᠶᠢᠲᠤᠷ ᠬᠢᠵᠦ᠂ ᠰᠤᠷᠤᠯᠴᠠᠭᠰᠠᠨ ᠦᠷ᠎ᠡ ᠪᠦᠲᠦᠭᠡᠯ ᠢᠶᠠᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |