| | | 3 ᠰᠠᠷ᠎ᠠ ᠶᠢᠨ 30 ᠤ ᠡᠳᠦᠷ᠂ ᠭᠤᠷᠪᠠᠨ ᠡᠳᠦᠷ ᠤᠨ ᠬᠤᠭᠤᠴᠠᠭ᠎ᠠ ᠲᠠᠢ ︽ᠲᠠᠯ᠎ᠠ ᠨᠤᠲᠤᠭ ᠤᠨ ᠲᠣᠷᠭᠠᠨ | ᠵᠠᠮ ᠪᠠ ᠴᠦᠩᠴᠢᠩ ᠬᠤᠳᠠ ᠶᠢᠨ ᠪᠣᠯᠵᠤᠭ᠎ᠠ︾ ᠡᠷᠢᠶᠡᠨ ᠬᠤᠲᠠ ᠶᠢᠨ ᠰᠣᠶᠣᠯ ᠵᠢᠭᠤᠯᠴᠢᠯᠠᠯ ᠤᠨ ᠴᠦᠩᠴᠢᠩ ᠤᠨ | ᠲᠠᠨᠢᠯᠴᠠᠭᠤᠯᠬᠤ ᠠᠵᠢᠯᠯᠠᠭ᠎ᠠ ᠲᠡᠭᠦᠰ ᠠᠮᠵᠢᠯᠲᠠ ᠲᠠᠢ ᠥᠨᠳᠥᠷᠯᠡᠪᠡ᠃ ᠡᠨᠡ ᠤᠳᠠᠭᠠᠨ ᠤ ᠮᠢᠩᠭᠠᠨ ᠭᠠᠵᠠᠷ ᠢ | ᠳᠠᠪᠠᠭᠰᠠᠨ ᠰᠣᠶᠣᠯ ᠵᠢᠭᠤᠯᠴᠢᠯᠠᠯ ᠤᠨ ᠦᠪᠡᠳᠡᠭᠰᠢ ᠴᠤᠭᠯᠠᠭᠠᠨ ᠨᠢ ᠮᠠᠨ ᠤ ᠬᠤᠲᠠ ᠶᠢᠨ ᠡᠯᠪᠡᠭ ᠪᠠᠶᠠᠯᠢᠭ ᠰᠣᠶᠣᠯ | ᠵᠢᠭᠤᠯᠴᠢᠯᠠᠯ ᠤᠨ ᠡᠬᠢ ᠪᠠᠶᠠᠯᠢᠭ ᠪᠠ ᠴᠢᠩ ᠦᠨᠡᠨᠴᠢ ᠰᠡᠳᠬᠢᠯ ᠢ ᠴᠦᠩᠴᠢᠩ ᠳᠤ ᠠᠪᠴᠢᠷᠠᠵᠤ᠂ ᠴᠦᠩᠴᠢᠩ | ᠬᠤᠲᠠ ᠶᠢᠨ ᠠᠷᠠᠳ ᠲᠦᠮᠡᠨ ᠪᠠ ᠪᠥᠬᠦ ᠤᠯᠤᠰ ᠤᠨ ᠵᠢᠭᠤᠯᠴᠢᠯᠠᠭᠴᠢᠳ ᠲᠤ ᠡᠷᠢᠶᠡᠨ ᠬᠤᠲᠠ ᠶᠢ ᠲᠠᠨᠢᠭᠤᠯᠵᠤ᠂ | ᠡᠷᠢᠶᠡᠨ ᠬᠤᠲᠠ ᠶᠢ ᠣᠶᠢᠯᠠᠭᠠᠭᠤᠯᠪᠠ᠃ | ᠲᠠᠨᠢᠯᠴᠠᠭᠤᠯᠭ᠎ᠠ ᠶᠢᠨ ᠬᠤᠷᠠᠯ ᠳᠡᠭᠡᠷ᠎ᠡ᠂ ᠮᠠᠨ ᠤ ᠬᠤᠲᠠ ︽ᠤᠯᠤᠰ ᠤᠨ ᠡᠭᠦᠳᠡ ᠶᠢ ᠪᠡᠶᠡᠴᠢᠯᠡᠨ | ᠣᠶᠢᠯᠠᠭᠠᠬᠤ ᠵᠢᠭᠤᠯᠴᠢᠯᠠᠯ︾᠂ ︽ᠠᠪᠤᠷᠭᠤ ᠭᠦᠷᠪᠡᠯ ᠤᠨ ᠨᠢᠭᠤᠴᠠ ᠶᠢ ᠬᠠᠶᠢᠬᠤ ᠵᠢᠭᠤᠯᠴᠢᠯᠠᠯ︾᠂ ︽ᠳᠤᠮᠳᠠᠳᠤ | ᠮᠣᠩᠭᠤᠯ ᠤᠨ ᠬᠢᠯᠢ ᠠᠯᠤᠰᠯᠠᠭᠰᠠᠨ ᠵᠢᠭᠤᠯᠴᠢᠯᠠᠯ︾ ᠵᠡᠷᠭᠡ ᠵᠢᠭᠤᠯᠴᠢᠯᠠᠯ ᠤᠨ ᠪᠦᠲᠦᠭᠡᠭᠳᠡᠬᠦᠨ ᠢ ᠪᠥᠬᠦ ᠲᠠᠯ᠎ᠠ ᠪᠠᠷ | ᠲᠠᠨᠢᠯᠴᠠᠭᠤᠯᠵᠤ᠂ ᠴᠦᠩᠴᠢᠩ ᠤᠨ ᠵᠢᠭᠤᠯᠴᠢᠯᠠᠯ ᠤᠨ ᠠᠵᠤ ᠠᠬᠤᠶᠢᠯᠠᠯ ᠪᠠ ᠥᠷᠭᠡᠨ ᠣᠯᠠᠨ ᠬᠤᠲᠠ ᠶᠢᠨ | ᠠᠷᠠᠳ ᠤᠨ ᠵᠢᠭᠤᠯᠴᠢᠯᠠᠭᠴᠢᠳ ᠲᠤ ᠤᠮᠠᠷᠠᠲᠤ ᠬᠢᠯᠢ ᠶᠢᠨ ᠪᠣᠭᠤᠮᠲᠠ ᠶᠢᠨ ᠰᠣᠶᠣᠯ ᠵᠢᠭᠤᠯᠴᠢᠯᠠᠯ ᠤᠨ ᠲᠠᠲᠠᠬᠤ | ᠬᠦᠴᠦᠨ ᠪᠠ ᠰᠣᠳᠣᠨ ᠵᠢᠭᠤᠯᠴᠢᠯᠠᠯ ᠤᠨ ᠵᠠᠮ ᠱᠤᠭᠤᠮ ᠢ ᠪᠥᠬᠦ ᠲᠠᠯ᠎ᠠ ᠪᠠᠷ ᠢᠯᠡᠷᠡᠭᠦᠯᠪᠡ᠃ ᠲᠠᠨᠢᠯᠴᠠᠭᠤᠯᠬᠤ | ᠠᠵᠢᠯᠯᠠᠭ᠎ᠠ ᠳᠤᠮᠳᠠ᠂ ᠴᠦᠩᠴᠢᠩ ᠤᠨ ᠳᠤᠮᠳᠠᠳᠤ ᠤᠯᠤᠰ ᠤᠨ ᠵᠢᠭᠤᠯᠴᠢᠯᠠᠯ ᠤᠨ ᠪᠦᠯᠦᠭᠯᠡᠯ ᠵᠡᠷᠭᠡ ᠳᠥᠷᠪᠡᠨ | ᠵᠢᠭᠤᠯᠴᠢᠯᠠᠯ ᠤᠨ ᠠᠵᠤ ᠠᠬᠤᠶᠢᠯᠠᠯ ᠮᠠᠨ ᠤ ᠬᠤᠲᠠ ᠶᠢᠨ ᠤᠯᠤᠰ ᠤᠨ ᠵᠢᠭᠤᠯᠴᠢᠯᠠᠯ ᠵᠡᠷᠭᠡ ᠳᠥᠷᠪᠡᠨ | ᠵᠢᠭᠤᠯᠴᠢᠯᠠᠯ ᠤᠨ ᠬᠤᠷᠢᠶ᠎ᠠ ᠲᠠᠢ ᠲᠤᠬᠠᠶ ᠶᠢᠨ ᠲᠠᠯᠠᠪᠠᠶ ᠳᠤ ᠭᠡᠷ᠎ᠡ ᠲᠣᠭᠲᠠᠪᠠ᠃ | ᠡᠨᠡ ᠬᠤᠭᠤᠴᠠᠭᠠᠨ ᠳᠤ᠂ ᠮᠠᠨ ᠤ ᠬᠤᠲᠠ ᠶᠢᠨ ᠤᠯᠠᠭᠠᠨᠮᠥ᠋ᠴᠢᠷ ᠴᠦᠩᠴᠢᠩ ᠤᠨ ᠭᠠᠵᠠᠷ ᠤᠨ ᠲᠡᠮᠳᠡᠭ ᠤᠨ | ᠪᠠᠷᠢᠯᠭ᠎ᠠ᠂ ᠬᠤᠳᠠᠯᠳᠤᠭᠠᠨ ᠤ ᠲᠣᠭᠤᠷᠢᠭ ᠵᠡᠷᠭᠡ ᠭᠠᠵᠠᠷ ᠲᠤ ᠬᠦᠷᠴᠦ ᠲᠦᠷᠭᠡᠨ ᠬᠥᠳᠡᠯᠦᠯᠴᠡᠵᠦ᠂ ᠴᠦᠩᠴᠢᠩ | ᠬᠤᠲᠠ ᠶᠢᠨ ᠠᠷᠠᠳ ᠲᠦᠮᠡᠨ ᠪᠣᠯᠤᠨ ᠤᠯᠤᠰ ᠤᠨ ᠳᠣᠲᠣᠭᠠᠳᠤ ᠭᠠᠳᠠᠭᠠᠳᠤ ᠶᠢᠨ ᠵᠤᠭᠠᠴᠠᠭᠰᠠᠳ ᠲᠤ ᠨᠢᠭᠡ | ᠤᠳᠠᠭᠠᠨ ᠤ ᠭᠡᠷᠡᠯ ᠭᠢᠯᠪᠠᠭ᠎ᠠ ᠪᠠᠨ ᠰᠠᠴᠤᠷᠠᠭᠤᠯᠤᠭᠰᠠᠨ ᠤᠮᠠᠷᠠᠲᠤ ᠬᠢᠯᠢ ᠶᠢᠨ ᠰᠣᠶᠣᠯ ᠵᠤᠭᠠᠴᠠᠯ ᠤᠨ ᠦᠪᠡᠳᠡᠭᠰᠢ | ᠨᠠᠶᠢᠷ ᠢ ᠠᠪᠴᠢᠷᠠᠵᠤ᠂ ᠬᠥᠮᠦᠰ ᠲᠤ ᠰᠦᠷᠯᠢᠭ ᠰᠠᠶᠢᠬᠠᠨ ᠰᠠᠨᠠᠭ᠎ᠠ ᠠᠬᠤᠢ ᠶᠢ ᠮᠡᠳᠡᠷᠡᠭᠦᠯᠪᠡ᠃ ᠡᠭᠦᠨ ᠤ ᠬᠠᠮᠲᠤ᠂ | ᠤᠨᠴᠠᠯᠢᠬᠳᠤ ᠪᠦᠲᠦᠭᠡᠭᠳᠡᠬᠦᠨ ᠤ ᠦᠵᠡᠭᠦᠯᠭᠡ ᠶᠢᠨ ᠲᠣᠭᠤᠷᠢᠭ ᠲᠤ ᠬᠥᠮᠦᠨ ᠬᠠᠷ᠎ᠠ ᠬᠤᠷᠠᠨ ᠴᠤᠭᠯᠠᠷᠠᠵᠤ᠂ | ᠰᠥᠨᠢᠳ ᠬᠤᠨᠢᠨ ᠤ ᠮᠢᠬ᠎ᠠ᠂ ᠦᠬᠡᠷ ᠤᠨ ᠪᠣᠷᠴᠠ᠂ ᠰᠦᠨ ᠰᠢᠬᠢᠷ ᠵᠡᠷᠭᠡ ᠤᠨᠴᠠᠯᠢᠬᠳᠤ ᠠᠮᠲᠠᠲᠤ ᠢᠳᠡᠭᠡᠨ | ᠵᠡᠷᠭᠡᠪᠡᠷ ᠢᠯᠡᠷᠡᠵᠦ᠂ ᠵᠤᠭᠠᠴᠠᠭᠰᠠᠳ ᠤᠨ ᠠᠩᠬᠠᠷᠤᠯ ᠢ ᠲᠠᠲᠠᠵᠤ ᠪᠠᠶᠢᠯ᠎ᠠ᠃ | |