| | | 3 ᠰᠠᠷ᠎ᠠ ᠶᠢᠨ 28 ᠤ ᠡᠳᠦᠷ᠂ 28 ᠳ᠋ᠤᠭᠠᠷ ᠬᠤᠭᠤᠴᠠᠭᠠᠨ ᠤ ᠴᠦᠩᠴᠢᠩ ᠬᠤᠲᠠ ᠶᠢᠨ ᠰᠣᠶᠣᠯ | ᠵᠢᠭᠤᠯᠴᠢᠯᠠᠯ ᠤᠨ ᠨᠠᠶᠢᠷ ᠵᠢᠴᠢ ᠬᠤᠲᠠ ᠶᠢᠨ ᠬᠤᠭᠤᠷᠣᠨᠳᠣᠬᠢ ᠵᠢᠭᠤᠯᠴᠢᠯᠠᠯ ᠤᠨ ᠠᠷᠠᠯᠵᠢᠶᠠᠨ ᠤ ᠬᠤᠷᠠᠯ ᠴᠦᠩᠴᠢᠩ | ᠬᠤᠲᠠ ᠶᠢᠨ ᠢᠦᠢ ᠵᠦᠩ ᠲᠣᠭᠤᠷᠢᠭ ᠤᠨ ᠴᠢᠯᠥᠭᠡᠯᠡᠬᠦ ᠬᠦᠰᠢᠶ᠎ᠡ ᠵᠡᠭᠡᠯᠢ ᠳᠡᠭᠡᠷ᠎ᠡ ᠶᠠᠪᠤᠭᠳᠠᠪᠠ᠃ ᠮᠠᠨ ᠤ ᠬᠤᠲᠠ | ᠤᠷᠢᠯᠭ᠎ᠠ ᠪᠠᠷ ᠣᠷᠣᠯᠴᠠᠵᠤ᠂ ᠣᠯᠠᠨ ᠬᠡᠮᠵᠢᠯᠳᠦ ᠬᠡᠮᠵᠢᠶ᠎ᠡ᠂ ᠪᠣᠰᠤᠭ᠎ᠠ ᠴᠣᠭᠴᠠᠲᠤ ᠦᠵᠡᠭᠦᠯᠦᠯᠭᠡ ᠪᠠᠷ ᠳᠠᠮᠵᠢᠭᠤᠯᠤᠨ᠂ | ᠴᠦᠩᠴᠢᠩ ᠬᠤᠲᠠ ᠶᠢᠨ ᠠᠷᠠᠳ ᠲᠦᠮᠡᠨ ᠵᠢᠴᠢ ᠪᠥᠬᠦ ᠤᠯᠤᠰ ᠤᠨ ᠡᠯ᠎ᠡ ᠭᠠᠵᠠᠷ ᠤᠨ ᠵᠤᠭᠠᠴᠠᠭᠰᠠᠳ ᠲᠤ ᠪᠣᠭᠤᠮᠲᠠ ᠶᠢᠨ | ᠥᠪᠡᠷᠮᠢᠴᠡ ᠰᠣᠶᠣᠯ ᠵᠢᠭᠤᠯᠴᠢᠯᠠᠯ ᠤᠨ ᠷᠢᠳᠢ ᠰᠢᠳᠢ ᠶᠢ ᠳᠡᠯᠭᠡᠨ ᠦᠵᠡᠭᠦᠯᠪᠡ᠃ | | | | | ᠲᠠᠨᠢᠯᠴᠠᠭᠤᠯᠭ᠎ᠠ ᠶᠢᠨ ᠬᠤᠷᠠᠯ ᠳᠡᠭᠡᠷ᠎ᠡ᠂ ︽ᠤᠮᠠᠷᠠᠲᠤ ᠬᠢᠯᠢ ᠶᠢᠨ ᠡᠭᠦᠳᠡᠨ ᠳᠠᠬᠢ ᠴᠠᠢ ᠶᠢᠨ ᠵᠠᠮ ᠤᠨ ᠥᠷᠲᠡᠭᠡ︾ | ᠶᠢᠨ ᠭᠤᠷᠪᠠᠨ ᠶᠡᠭᠡ ᠤᠨᠴᠠᠯᠢᠬᠳᠤ ᠵᠢᠭᠤᠯᠴᠢᠯᠠᠯ ᠤᠨ ᠡᠬᠢ ᠪᠠᠶᠠᠯᠢᠭ ᠤᠨ ᠲᠣᠭᠤᠷᠢᠨ ᠳᠤ ᠲᠠᠨᠢᠯᠴᠠᠭᠤᠯᠬᠤ ᠶᠢᠨ ᠬᠠᠮᠲᠤ | ᠣᠯᠠᠨ ᠳᠤ ᠬᠠᠮᠤᠭ ᠤᠨ ᠴᠢᠩ ᠰᠡᠳᠬᠢᠯ ᠤᠨ ᠤᠷᠢᠯᠭ᠎ᠠ ᠳᠡᠪᠰᠢᠭᠦᠯᠪᠡ᠃ | ᠲᠠᠨᠢᠯᠴᠠᠭᠤᠯᠭ᠎ᠠ ᠶᠢᠨ ᠲᠤᠬᠠᠢ ᠶᠢᠨ ᠲᠠᠯᠠᠪᠠᠢ ᠬᠦᠷ ᠬᠥᠭᠵᠢᠶᠡᠨ ᠲᠠᠢ ᠪᠠᠶᠢᠵᠤ᠂ ᠸᠢᠳᠢᠣ᠋ ᠪᠠᠷ ᠳᠡᠯᠭᠡᠨ ᠦᠵᠡᠭᠦᠯᠬᠦ ᠪᠠ | ᠰᠣᠶᠣᠯ ᠵᠤᠭᠠᠴᠠᠯ ᠢ ᠤᠬᠠᠭᠤᠯᠤᠨ ᠳᠡᠯᠭᠡᠷᠡᠭᠦᠯᠬᠦ᠂ ᠪᠣᠳᠠᠰ ᠤᠨ ᠪᠤᠰᠤ ᠰᠣᠶᠣᠯ ᠤᠨ ᠥᠪ ᠤᠨ ᠤᠷᠲᠤ ᠶᠢᠨ ᠳᠠᠭᠤᠤ᠂ | ᠬᠦᠮᠡᠢ᠂ ᠦᠨᠳᠦᠰᠦᠲᠡᠨ ᠤ ᠣᠨᠴᠠᠯᠢᠭ ᠲᠠᠢ ᠰᠠᠪᠬᠠᠨ ᠪᠥᠵᠢᠭ ᠵᠡᠷᠭᠡ ᠤᠳᠬ᠎ᠠ ᠤᠷᠠᠯᠢᠭ ᠤᠨ ᠲᠣᠭᠯᠠᠯᠲᠠ ᠶᠢ ᠭᠤᠶᠢᠳᠠ | ᠰᠠᠶᠢᠬᠠᠨ ᠲᠣᠭᠯᠠᠵᠤ᠂ ᠪᠣᠭᠤᠮᠲᠠ ᠶᠢᠨ ᠰᠣᠶᠣᠯ᠂ ᠨᠤᠲᠤᠭ ᠤᠰᠤᠨ ᠤ ᠪᠠᠨ ᠵᠠᠩ ᠠᠭᠠᠯᠢ᠂ ᠥᠪᠡᠷᠮᠢᠴᠡ ᠣᠨᠴᠠᠯᠢᠭ ᠲᠠᠢ | ᠬᠢᠯᠠᠰ ᠴᠡᠭ ᠢ ᠦᠵᠡᠭᠴᠢᠳ ᠤᠨ ᠡᠮᠦᠨ᠎ᠡ ᠠᠮᠢᠳᠤᠯᠢᠭ ᠢᠯᠡᠷᠡᠭᠦᠯᠵᠦ᠂ ᠤᠯᠠᠨ ᠳᠤ ᠡᠷᠢᠶᠡᠨ ᠢ ᠣᠶᠢᠯᠠᠭᠠᠵᠤ᠂ ᠡᠷᠢᠶᠡᠨ ᠢ | ᠮᠡᠳᠡᠷᠡᠬᠦᠯᠪᠡ᠃ | ᠲᠠᠨᠢᠯᠴᠠᠭᠤᠯᠬᠤ ᠬᠤᠭᠤᠴᠠᠭᠠᠨ ᠳᠤ᠂ ᠮᠠᠨ ᠤ ᠬᠤᠲᠠ ᠪᠠᠰᠠ ᠲᠤᠰᠬᠠᠶ ᠦᠵᠡᠭᠦᠯᠭᠡ ᠶᠢᠨ ᠲᠣᠭᠤᠷᠢᠭ ᠭᠠᠷᠭᠠᠵᠤ᠂ | ᠵᠢᠭᠤᠯᠴᠢᠯᠠᠯ ᠤᠨ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠤᠬᠠᠶ ᠶᠢᠨ ᠲᠠᠯᠠᠪᠤᠷ ᠲᠤ ᠵᠢᠭᠤᠯᠴᠢᠯᠠᠭᠴᠢᠳ ᠤᠨ | ᠠᠰᠠᠭᠤᠯᠲᠠ ᠶᠢ ᠬᠠᠷᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠠᠰᠢ ᠴᠠᠰᠢ ᠥᠩᠭᠡᠷᠡᠬᠦ ᠵᠠᠮ ᠤᠨ ᠬᠥᠮᠦᠰ ᠲᠤ | ᠡᠷᠢᠶᠡᠨ ᠳᠤ ᠲᠠᠨᠢᠯᠴᠠᠭᠤᠯᠬᠤ ᠶᠢᠨ ᠬᠠᠮᠲᠤ ᠰᠥᠨᠢᠳ ᠬᠤᠨᠢᠨ ᠤ ᠮᠢᠬ᠎ᠠ ᠶᠢ ᠲᠤᠷᠰᠢᠨ ᠢᠳᠡᠬᠦ ᠣᠨᠴᠠᠭᠠᠶ ᠭᠤᠭᠴᠤᠭ᠎ᠠ | ᠭᠠᠷᠭᠠᠵᠤ᠂ ᠵᠢᠭᠤᠯᠴᠢᠯᠠᠭᠰᠠᠳ ᠲᠤ ᠲᠠᠯ᠎ᠠ ᠨᠤᠲᠤᠭ ᠠᠴᠠ ᠢᠷᠡᠭᠰᠡᠨ ᠠᠮᠲᠠᠲᠤ ᠢᠳᠡᠭᠡᠨ ᠢ ᠠᠮᠲᠠᠯᠠᠭᠤᠯᠵᠠᠢ᠃ | |