ᠡᠨᠡ ᠵᠢᠯ ᠤᠨ ᠨᠢᠭᠡᠳᠦᠭᠡᠷ ᠤᠯᠠᠷᠢᠯ ᠳᠤ᠂ ᠡᠷᠢᠶᠡᠨ ᠬᠤᠲᠠ ᠶᠢᠨ ᠪᠣᠭᠤᠮᠲᠠ ᠶᠢᠨ 4 ᠠᠵᠤ ᠠᠬᠤᠶᠢᠯᠠᠯ ᠤᠨ | ᠭᠠᠳᠠᠭᠠᠳᠤ ᠳᠤ ᠭᠠᠷᠭᠠᠬᠤ ᠦᠨᠡᠮᠯᠡᠯ ᠲᠠᠢ ᠭᠠᠷ ᠳᠠᠮᠵᠢᠭᠰᠠᠨ ᠮᠠᠰᠢᠨ ᠲᠡᠷᠭᠡ 358 ᠰᠠᠭᠤᠷᠢ ᠪᠠᠶᠢᠯ᠎ᠠ᠃ | 2024 ᠣᠨ ᠳᠤ ᠭᠠᠷ ᠳᠠᠮᠵᠢᠭᠰᠠᠨ ᠮᠠᠰᠢᠨ ᠲᠡᠷᠭᠡ ᠶᠢ ᠭᠠᠳᠠᠭᠠᠳᠤ ᠳᠤ ᠭᠠᠷᠭᠠᠬᠤ ᠲᠦᠷᠦ ᠶᠢᠨ | ᠪᠤᠳᠤᠯᠭ᠎ᠠ ᠳᠤ ᠲᠤᠬᠢᠷᠠᠭᠤᠯᠤᠯᠳᠠ ᠬᠢᠭᠰᠡᠨ ᠠᠴᠠ ᠨᠠᠰᠢ᠂ ᠡᠷᠢᠶᠡᠨ ᠬᠤᠳᠠ ᠪᠣᠭᠤᠮᠲᠠ ᠶᠢᠨ ᠭᠠᠵᠠᠷ ᠣᠷᠣᠨ ᠤ | ᠳᠠᠪᠠᠭᠤᠯᠢᠭ ᠢ ᠭᠦᠢᠴᠡᠳ ᠠᠰᠢᠭᠯᠠᠵᠤ᠂ ᠠᠵᠤ ᠠᠬᠤᠶᠢᠯᠠᠯ ᠢ ᠲᠠᠲᠠᠵᠤ ᠪᠠᠶᠢᠭᠠᠳ ᠲᠤᠬᠠᠶᠢᠯᠠᠭᠰᠠᠨ ᠠᠵᠢᠯ ᠢ | ᠥᠷᠨᠢᠭᠦᠯᠵᠦ᠂ ᠭᠠᠷ ᠳᠠᠮᠵᠢᠭᠰᠠᠨ ᠮᠠᠰᠢᠨ ᠲᠡᠷᠭᠡ ᠶᠢ ᠭᠠᠳᠠᠭᠠᠳᠤ ᠳᠤ ᠭᠠᠷᠭᠠᠬᠤ ᠬᠡᠪᠴᠢᠶ᠎ᠡ ᠶᠢ ᠲᠠᠰᠤᠷᠠᠯᠲᠠ ᠦᠭᠡᠢ | ᠥᠷᠭᠡᠳᠬᠡᠪᠡ᠃ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 2024 ᠣᠨ ᠳᠤ ᠡᠷᠢᠶᠡᠨ ᠬᠤᠲᠠ ᠶᠢᠨ | ᠭᠠᠳᠠᠭᠠᠳᠤ ᠳᠤ ᠭᠠᠷᠭᠠᠭᠰᠠᠨ ᠦᠨᠡᠮᠯᠡᠯ ᠲᠠᠢ ᠬᠤᠯᠪᠣᠭᠳᠠᠭᠰᠠᠨ ᠭᠠᠷ ᠳᠠᠮᠵᠢᠭᠰᠠᠨ ᠮᠠᠰᠢᠨ ᠲᠡᠷᠭᠡ ᠨᠡᠶᠢᠲᠡ 610 | ᠪᠠᠶᠢᠵᠤ᠂ ᠠᠷᠠᠯᠵᠢᠶᠠᠨ ᠤ ᠲᠤᠭ᠎ᠠ 464.5 ᠲᠦᠮᠡᠨ ᠳ᠋ᠣᠯᠯᠠᠷ ᠲᠤ ᠬᠦᠷᠴᠡᠶ᠃ | ᠣᠶᠢᠯᠠᠭᠠᠭᠰᠠᠨ ᠢᠶᠠᠷ᠂ ᠣᠳᠣᠬᠠᠨ ᠳᠤ ᠡᠷᠢᠶᠡᠨ ᠬᠤᠲᠠ ᠳᠤ 4 ᠠᠵᠤ ᠠᠬᠤᠶᠢᠯᠠᠯ ᠭᠠᠷ ᠳᠠᠮᠵᠢᠭᠰᠠᠨ ᠮᠠᠰᠢᠨ | ᠲᠡᠷᠭᠡ ᠶᠢ ᠭᠠᠳᠠᠭᠠᠳᠤ ᠳᠤ ᠭᠠᠷᠭᠠᠬᠤ ᠵᠥᠪᠰᠢᠶᠡᠷᠡᠯ ᠤᠨ ᠬᠢᠷᠢ ᠬᠡᠮ ᠲᠠᠢ ᠪᠠᠶᠢᠨ᠎ᠠ᠃ ᠡᠭᠦᠨ ᠳᠤ᠂ ᠥᠪᠡᠷᠲᠡᠭᠡᠨ | ᠵᠠᠰᠠᠬᠤ ᠣᠷᠣᠨ ᠤ ᠠᠩᠬᠠᠳᠠᠭᠴᠢ ᠪᠦᠯᠦᠭ ᠭᠠᠷ ᠳᠠᠮᠵᠢᠭᠰᠠᠨ ᠮᠠᠰᠢᠨ ᠲᠡᠷᠭᠡ ᠶᠢ ᠭᠠᠳᠠᠭᠠᠳᠤ ᠳᠤ ᠠᠵᠤ ᠠᠬᠤᠶ | ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ | ᠪᠣᠯᠤᠭᠰᠠᠨ ᠤ ᠬᠤᠪᠢ ᠳᠤ᠂ 2024 ᠣᠨ ᠳᠤ ᠨᠡᠶᠢᠲᠡ 400 ᠭᠠᠷᠤᠶ ᠭᠠᠷ ᠳᠠᠮᠵᠢᠭᠰᠠᠨ ᠮᠠᠰᠢᠨ ᠲᠡᠷᠭᠡ ᠶᠢ | ᠭᠠᠳᠠᠭᠠᠳᠤ ᠳᠤ ᠭᠠᠷᠭᠠᠵᠤ᠂ SUV ᠪᠠ ᠬᠤᠳᠠᠯᠳᠤᠭᠠᠨ ᠤ ᠶᠠᠪᠤᠳᠠᠯ ᠤᠨ ᠠᠴᠢᠶᠠᠨ ᠤ ᠮᠠᠰᠢᠨ ᠲᠡᠷᠭᠡ ᠵᠡᠷᠭᠡ | ᠲᠥᠷᠥᠯ ᠬᠡᠯᠪᠡᠷᠢ ᠪᠠᠷ ᠭᠤᠤᠯ ᠪᠣᠯᠭᠠᠪᠠ᠃ | ᠡᠷᠢᠶᠡᠨ ᠬᠤᠲᠠ ᠨᠢ ᠮᠣᠩᠭᠤᠯ ᠤᠯᠤᠰ ᠲᠤ ᠨᠡᠭᠡᠭᠡᠯᠲᠡ ᠬᠢᠬᠦ ᠶᠡᠷᠦᠩᠬᠡᠶᠢᠯᠡᠭᠰᠡᠨ ᠴᠢᠨᠠᠷᠲᠠᠢ ᠵᠠᠩᠭᠢᠯᠠᠭ᠎ᠠ ᠪᠣᠯᠬᠤ | ᠪᠣᠭᠤᠮᠲᠠ ᠪᠣᠯᠤᠭᠰᠠᠨ ᠤ ᠬᠤᠪᠢ ᠳᠤ᠂ ᠭᠠᠷ ᠳᠠᠮᠵᠢᠭᠰᠠᠨ ᠮᠠᠰᠢᠨ ᠲᠡᠷᠭᠡ᠂ ᠲᠠᠸᠠᠷ ᠤᠨ ᠲᠡᠷᠭᠡ ᠵᠡᠷᠭᠡ ᠲᠡᠷᠭᠡ | ᠬᠥᠰᠭᠡ ᠶᠢᠨ ᠪᠣᠭᠤᠮᠲᠠ ᠥᠩᠭᠡᠷᠡᠬᠦ᠂ ᠬᠢᠨᠠᠨ ᠬᠠᠮᠢᠶᠠᠷᠬᠤ᠂ ᠪᠠᠶᠢᠴᠠᠭᠠᠨ ᠰᠢᠯᠭᠠᠬᠤ ᠴᠢᠳᠠᠪᠤᠷᠢ ᠶᠢ ᠪᠦᠷᠢᠳᠦᠭᠦᠯᠵᠦ᠂ | ᠮᠣᠩᠭᠤᠯ ᠤᠯᠤᠰ ᠤᠨ ᠠᠭᠤᠷᠬᠠᠢ ᠶᠢᠨ ᠦᠢᠯᠡᠰ ᠤᠨ ᠬᠥᠭᠵᠢᠯᠲᠡ ᠨᠢ ᠲᠡᠷᠭᠡ ᠬᠥᠰᠭᠡ ᠶᠢᠨ ᠬᠡᠷᠡᠭᠴᠡᠭᠡ | ᠱᠠᠭᠠᠷᠳᠠᠯᠭ᠎ᠠ ᠳᠤ ᠴᠢᠭᠯᠡᠭᠦᠯᠦᠨ᠂ ᠭᠠᠷ ᠳᠠᠮᠵᠢᠭᠰᠠᠨ ᠮᠠᠰᠢᠨ ᠲᠡᠷᠭᠡᠨ ᠤ ᠭᠠᠳᠠᠭᠠᠳᠤ ᠭᠠᠷᠭᠠᠯᠲᠠ ᠶᠢᠨ | ᠳᠣᠬᠠᠶᠢᠯᠠᠭᠰᠠᠨ ᠠᠵᠢᠯ ᠳᠤ ᠠᠰᠢᠭᠳᠠᠢ ᠨᠥᠬᠦᠴᠡᠯ ᠬᠠᠩᠭᠠᠭᠰᠠᠨ ᠪᠠᠶᠢᠨ᠎ᠠ᠃ ᠡᠭᠦᠨ ᠤ ᠬᠠᠮᠲᠤ᠂ ᠲᠤᠬᠠᠶ ᠶᠢᠨ | ᠭᠠᠵᠠᠷ ᠨᠢ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠪᠦᠯᠦᠭ ᠭᠠᠷ ᠳᠠᠮᠵᠢᠭᠰᠠᠨ ᠮᠠᠰᠢᠨ ᠲᠡᠷᠭᠡᠨ ᠤ | ᠭᠠᠳᠠᠭᠠᠳᠤ ᠳᠤ ᠭᠠᠷᠭᠠᠬᠤ ᠰᠠᠭᠤᠷᠢᠨ ᠭᠠᠵᠠᠷ ᠤᠨ ᠭᠡᠷᠡᠴᠢᠯᠡᠭᠡ ᠪᠠᠷ ᠳᠠᠮᠵᠢᠭᠤᠯᠤᠨ᠂ ᠬᠡᠪᠴᠢᠶᠡᠲᠦ ᠦᠷ᠎ᠡ ᠠᠰᠢᠭ ᠪᠠ | ᠬᠥᠲᠥᠴᠢ ᠦᠢᠯᠡᠳᠦᠯ ᠢ ᠪᠣᠶ ᠪᠣᠯᠭᠠᠵᠤ᠂ ᠭᠠᠷ ᠳᠠᠮᠵᠢᠭᠰᠠᠨ ᠮᠠᠰᠢᠨ ᠲᠡᠷᠭᠡᠨ ᠤ ᠭᠠᠳᠠᠭᠠᠳᠤ ᠳᠤ ᠭᠠᠷᠭᠠᠬᠤ ᠠᠵᠤ | ᠦᠢᠯᠡᠰ ᠤᠨ ᠬᠡᠯᠬᠢᠶ᠎ᠡ ᠪᠣᠭᠤᠮᠲᠠ ᠳᠤ ᠴᠤᠭᠯᠠᠷᠠᠨ᠂ ᠭᠠᠷ ᠳᠠᠮᠵᠢᠭᠰᠠᠨ ᠮᠠᠰᠢᠨ ᠲᠡᠷᠭᠡ ᠶᠢ ᠭᠠᠳᠠᠭᠠᠳᠤ ᠳᠤ ᠭᠠᠷᠭᠠᠬᠤ | ᠲᠤᠬᠠᠶᠢᠯᠠᠭᠰᠠᠨ ᠠᠵᠢᠯ ᠤᠨ ᠲᠦᠷᠭᠡᠨ ᠬᠥᠭᠵᠢᠯᠲᠡ ᠶᠢ ᠠᠬᠢᠭᠤᠯᠪᠠ᠃ | |