ᠤᠯᠤᠰ ᠤᠨ ᠲᠤᠭ ᠬᠢᠯᠢ ᠬᠢᠵᠠᠭᠠᠷ ᠤᠨ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠨᠠᠮᠢᠷᠠᠭᠤᠯᠤᠨ ᠴᠤᠤᠷᠢᠶᠠᠳᠤᠨ᠎ᠠ
ᠨᠡᠶᠢᠲᠡᠯᠡᠭᠰᠡᠨ ᠴᠠᠭ᠄
2025/4/10
    ᠣᠶᠢᠷ᠎ᠠ ᠶᠢᠨ ᠡᠳᠦᠷ ᠤᠳ ᠲᠤ᠂ ᠮᠠᠨ ᠤ ᠬᠤᠲᠠ ᠭᠤᠤᠯ ᠵᠡᠭᠡᠯᠢ ᠭᠤᠳᠤᠮᠵᠢ ᠳᠤ ᠤᠯᠤᠰ ᠤᠨ ᠲᠤᠭ ᠬᠡᠯᠪᠡᠷᠢᠲᠦ ᠳ᠋ᠧᠩ ᠤᠨ ᠬᠠᠶᠢᠷᠴᠠᠭ ᠡᠯᠭᠦᠬᠦ ᠶᠢᠨ ᠬᠠᠮᠲᠤ ᠰᠥᠨᠢ ᠶᠢᠨ ᠦᠵᠡᠮᠵᠢ ᠶᠢᠨ ᠭᠡᠷᠡᠯᠲᠦᠭᠦᠯᠭᠡ ᠶᠢ ᠡᠬᠢᠯᠡᠭᠦᠯᠪᠡ᠃ ᠲᠠᠪᠤᠨ ᠣᠳᠣᠲᠤ ᠤᠯᠠᠭᠠᠨ ᠲᠤᠭ ᠬᠤᠳᠠ ᠶᠢᠨ ᠠᠷᠠᠳ ᠤᠨ ᠤᠯᠤᠰ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠶᠢ ᠤᠯᠠᠮ ᠨᠢᠭᠡ ᠠᠯᠬᠤᠮ ᠬᠥᠭᠵᠢᠭᠡᠵᠦ᠂ ᠪᠣᠭᠤᠮᠲᠠ ᠶᠢᠨ ᠦᠨᠳᠦᠰᠦᠲᠡᠨ ᠪᠦᠯᠬᠦᠮᠳᠡᠭᠰᠡᠨ᠂ ᠬᠢᠯᠢ ᠬᠢᠵᠠᠭᠠᠷ ᠲᠣᠭᠲᠠᠭᠤᠨ ᠪᠠᠶᠢᠬᠤ ᠶᠡᠭᠡ ᠰᠠᠶᠢᠨ ᠪᠠᠶᠢᠳᠠᠯ ᠢ ᠪᠠᠬᠢᠵᠢᠭᠦᠯᠦᠨ ᠬᠥᠭᠵᠢᠭᠦᠯᠪᠡ᠃
      ᠢᠯᠢᠨ ᠤ ᠶᠡᠭᠡ ᠵᠠᠮ᠂ ᠰᠢᠨᠬᠤᠸᠠ ᠶᠡᠭᠡ ᠵᠡᠭᠡᠯᠢ᠂ ᠦᠢᠯᠡᠰ ᠪᠣᠰᠬᠠᠬᠤ ᠵᠠᠮ ᠪᠠ ᠰᠠᠶᠢᠬᠤᠰᠤ ᠶᠢᠨ ᠤᠯᠠᠨ ᠤᠯᠤᠰ ᠤᠨ ᠨᠢᠰᠬᠡᠯ ᠤᠨ ᠪᠠᠭᠤᠳᠠᠯ ᠤᠨ X926 ᠭᠤᠣᠯ ᠵᠠᠮ ᠵᠡᠷᠭᠡ ᠤᠯᠠᠨ ᠭᠤᠣᠯ ᠳᠡᠳ᠋ ᠵᠠᠮ ᠱᠤᠭᠤᠮ ᠳᠤ ᠴᠥᠮ ᠤᠯᠤᠰ ᠤᠨ ᠲᠤᠭ ᠬᠡᠯᠪᠡᠷᠢᠲᠦ ᠳ᠋ᠧᠩ ᠤᠨ ᠬᠠᠶᠢᠷᠴᠠᠭ ᠡᠯᠭᠦᠭᠰᠡᠨ ᠪᠠᠶᠢᠨ᠎ᠠ᠃ ᠦᠳᠡᠰᠢ ᠪᠣᠯᠬᠤ ᠳᠤ ᠳ᠋ᠧᠩ ᠤᠨ ᠭᠡᠷᠡᠯ ᠳᠤ ᠲᠠᠪᠤᠨ ᠣᠳᠣᠲᠤ ᠤᠯᠠᠭᠠᠨ ᠲᠤᠭ ᠳᠠᠷᠢ ᠲᠡᠭᠰᠢ ᠬᠠᠷᠠᠭᠳᠠᠳᠠᠭ᠃ ︽ᠳᠤᠮᠳᠠᠳᠤ ᠤᠯᠤᠰ ᠤᠨ ᠤᠯᠠᠭᠠᠨ︾ ᠢ ᠪᠤᠳᠦᠵᠦ᠂ ᠴᠥᠭᠡᠨ ᠪᠤᠰᠤ ᠬᠤᠲᠠ ᠶᠢᠨ ᠠᠷᠠᠳ ᠤᠨ ᠣᠷᠭᠢᠯᠤᠮ᠎ᠠ ᠬᠠᠯᠠᠭᠤᠨ ᠰᠡᠳᠬᠢᠯᠭᠡ ᠶᠢ ᠬᠥᠭᠵᠢᠭᠡᠵᠦ᠂ ︽ᠰᠡᠳᠬᠢᠯ ᠨᠢᠭᠡᠳᠦᠨ ᠡᠷᠬᠢ ᠶᠢ ᠴᠣᠭᠴᠠᠯᠠᠬᠤ᠂ ᠤᠯᠤᠰ ᠤᠨ ᠲᠤᠭ ᠬᠢᠯᠢ ᠬᠢᠵᠠᠭᠠᠷ ᠢ ᠭᠡᠶᠢᠭᠦᠯᠬᠦ︾ ᠰᠦᠭ ᠰᠦᠨᠡᠰᠦ ᠶᠢ ᠱᠤᠭᠤᠬᠤ ᠢᠨᠵᠧᠨᠧᠷᠢᠩ ᠢ ᠮᠠᠨ ᠤ ᠬᠤᠲᠠ ᠳᠤ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠵᠤ᠂ ᠥᠷᠭᠡᠨ ᠣᠯᠠᠨ ᠺᠠᠳ᠋ᠷ ᠣᠯᠠᠨ ᠲᠦᠮᠡᠨ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠤᠯᠤᠰ ᠢᠶᠠᠨ ᠬᠠᠶᠢᠷᠠᠯᠠᠬᠤ ᠦᠵᠡᠯ ᠤᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠦᠬᠦᠵᠦ ᠰᠡᠭᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠬᠢᠯᠢ ᠬᠢᠵᠠᠭᠠᠷ ᠤᠨ ᠲᠣᠭᠲᠠᠭᠤᠨ ᠢ ᠬᠠᠮᠠᠭᠠᠯᠠᠬᠤ᠂ ᠦᠨᠳᠦᠰᠦᠲᠡᠨ ᠤ ᠪᠦᠯᠬᠦᠮᠳᠡᠯ ᠢ ᠴᠢᠩᠭᠠᠳᠬᠠᠬᠤ᠂ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢ ᠨᠢᠭᠲᠠᠷᠠᠭᠤᠯᠤᠨ᠎ᠠ᠃
         ᠲᠣᠰ ᠤᠳᠠᠭᠠᠨ ᠤ ᠤᠯᠤᠰ ᠤᠨ ᠲᠤᠭ ᠡᠯᠭᠦᠭᠰᠡᠨ ᠳ᠋ᠧᠩ ᠤᠨ ᠬᠠᠶᠢᠷᠴᠠᠭ ᠴᠡᠪᠡᠷ ᠠᠪᠰᠠᠷᠬᠠᠨ᠂ ᠪᠠᠶᠠᠷ ᠬᠥᠷ ᠲᠠᠢ ᠥᠯᠵᠡᠶ ᠪᠡᠯᠭᠡ ᠲᠠᠢ ᠪᠠᠶᠢᠬᠤ ᠵᠠᠷᠴᠢᠮ ᠢ ᠪᠠᠷᠢᠮᠲᠠᠯᠠᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠲᠤᠭ ᠤᠨ ᠬᠠᠤᠯᠢ︾ ᠶᠢᠨ ᠬᠠᠮᠢᠶ᠎ᠠ ᠪᠥᠬᠦᠶ ᠲᠣᠭᠲᠠᠭᠠᠯ ᠢ ᠴᠢᠩᠭ᠎ᠠ ᠵᠢᠷᠤᠮᠯᠠᠨ᠂ ᠵᠠᠮ ᠤᠨ ᠳ᠋ᠧᠩ ᠤᠨ ᠪᠠᠭᠠᠨ᠎ᠠ ᠳᠤ ᠲᠦᠰᠢᠭᠯᠡᠨ ᠲᠡᠭᠰᠢ ᠬᠡᠮᠲᠦ ᠡᠯᠭᠦᠬᠦ ᠠᠷᠭ᠎ᠠ ᠶᠢ ᠬᠡᠷᠡᠭᠯᠡᠵᠦ᠂ ᠲᠤᠭ ᠤᠨ ᠡᠰᠢ ᠪᠣᠯᠤᠨ ᠳ᠋ᠧᠩ ᠤᠨ ᠪᠠᠭᠠᠨ᠎ᠠ ᠶᠢᠨ ᠡᠭᠴᠡ ᠴᠢᠭᠯᠡᠯ ᠢᠶᠠᠷ 90 ᠭᠷᠠᠳᠦ᠋ᠰ ᠬᠠᠪᠴᠢᠵᠤ᠂ ᠤᠯᠤᠰ ᠤᠨ ᠲᠤᠭ ᠬᠡᠯᠪᠡᠷᠢ ᠶᠢᠨ ᠳ᠋ᠧᠩ ᠤᠨ ᠬᠠᠶᠢᠷᠴᠠᠭ ᠢ ᠲᠡᠭᠰᠢ ᠪᠥᠭᠡᠳ ᠪᠦᠷᠢᠨ ᠪᠦᠲᠦᠨ ᠪᠠᠶᠢᠯᠭᠠᠵᠤ᠂ ᠡᠯᠭᠦᠭᠰᠡᠨ ᠬᠠᠷᠠᠭᠠᠰᠤ ᠨᠢ ᠲᠡᠷᠭᠡ ᠶᠠᠪᠤᠬᠤ ᠵᠢᠴᠢ ᠶᠠᠪᠠᠭᠠᠨ ᠬᠥᠮᠦᠨ ᠤ ᠠᠮᠤᠷ ᠲᠦᠪᠰᠢᠨ ᠢ ᠨᠥᠯᠥᠭᠡᠯᠡᠬᠦ ᠥᠬᠡᠶ᠃    ᠣᠶᠢᠯᠠᠭᠠᠭᠰᠠᠨ ᠢᠶᠠᠷ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠡᠳᠦᠷ ᠲᠤᠲᠤᠮ ᠤᠨ ᠲᠣᠭᠤᠷᠢᠨ ᠪᠠᠶᠢᠴᠠᠭᠠᠯᠲᠠ ᠪᠠᠨ ᠴᠢᠩᠭᠠᠳᠬᠠᠵᠤ᠂ ᠤᠯᠤᠰ ᠤᠨ ᠲᠤᠭ ᠡᠪᠳᠡᠷᠡᠬᠦ᠂  ᠳᠤᠭ ᠤᠨ ᠪᠦᠰ ᠣᠷᠢᠶᠠᠯᠳᠣᠬᠤ ᠪᠤᠶᠤ ᠤᠯᠤᠰ ᠤᠨ ᠲᠤᠭ ᠨᠡᠷ᠎ᠡ ᠬᠦᠨᠳᠦ ᠶᠢ ᠬᠤᠬᠢᠷᠠᠭᠤᠯᠬᠤ ᠪᠤᠰᠤᠳ ᠦᠵᠡᠭᠳᠡᠯ ᠭᠠᠷᠬᠤ ᠶᠢ ᠰᠡᠷᠭᠡᠶᠢᠯᠡᠵᠦ᠂ ᠤᠯᠤᠰ ᠤᠨ ᠲᠤᠭ ᠮᠠᠶ᠋ᠢᠭ ᠤᠨ ᠳ᠋ᠧᠩ ᠤᠨ ᠬᠠᠶᠢᠷᠴᠠᠭ ᠤᠨ ᠲᠥᠬᠦᠭᠡᠷᠦᠮᠵᠢ ᠶᠢᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号