ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢ ᠴᠢᠩᠭᠠᠳᠬᠠᠵᠤ᠂ ᠪᠡᠯᠴᠢᠭᠡᠷᠯᠡᠭᠦᠯᠬᠦ ᠶᠢ | ᠵᠣᠭᠰᠣᠭᠠᠬᠤ ᠲᠦᠷᠢᠮ ᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠪᠠᠲᠤᠯᠠᠬᠤ ᠶᠢᠨ ᠳᠣᠯᠠᠳᠠ᠂ ᠬᠠᠪᠤᠷ ᠤᠨ | ᠤᠯᠠᠷᠢᠯ ᠤᠨ ᠪᠡᠯᠴᠢᠭᠡᠷ ᠰᠡᠷᠭᠦᠭᠡᠬᠦ ᠬᠤᠭᠤᠴᠠᠭᠠᠨ ᠳᠤ ᠪᠡᠯᠴᠢᠭᠡᠷᠯᠡᠭᠦᠯᠬᠦ ᠶᠢ ᠵᠣᠭᠰᠣᠭᠰᠠᠨ ᠠᠴᠠ ᠨᠠᠰᠢ᠂ | ᠭᠡᠷᠡᠯᠳᠦᠠᠣᠳᠦ ᠰᠤᠮᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠰᠡᠯᠭᠦᠨ ᠮᠠᠯᠵᠢᠬᠤ | ᠲᠣᠭᠤᠷᠢᠨ ᠪᠠᠶᠢᠴᠠᠭᠠᠯᠲᠠ ᠶᠢ ᠪᠥᠬᠦ ᠲᠠᠯ᠎ᠠ ᠪᠠᠷ ᠥᠷᠨᠢᠭᠦᠯᠵᠦ᠂ ᠬᠠᠷᠢᠶᠠᠲᠤ ᠣᠷᠣᠨ ᠤ ᠰᠡᠯᠭᠦᠨ ᠮᠠᠯᠵᠢᠬᠤ | ᠪᠠᠶᠢᠳᠠᠯ ᠳᠤ ᠪᠥᠬᠦ ᠲᠠᠯ᠎ᠠ ᠶᠢᠨ ᠬᠢᠨᠠᠯᠲᠠ ᠪᠠᠶᠢᠴᠠᠭᠠᠯᠲᠠ ᠬᠢᠵᠦ᠂ ᠨᠤᠲᠤᠭ ᠪᠡᠯᠴᠢᠭᠡᠷ ᠤᠨ ᠠᠮᠢ ᠠᠬᠤᠶ ᠶᠢᠨ ᠠᠮᠤᠷ | ᠲᠦᠪᠰᠢᠨ ᠤ ᠬᠠᠯᠬᠠᠪᠴᠢ ᠶᠢ ᠪᠠᠬᠢᠵᠢᠭᠦᠯᠪᠡ᠃ | ᠭᠡᠷᠡᠯᠳᠦᠠᠣᠳᠦ ᠰᠤᠮᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠠᠵᠢᠯ ᠤᠨ | ᠪᠣᠳᠠᠲᠠᠶ ᠲᠠᠢ ᠪᠠᠨ ᠤᠶᠠᠯᠳᠤᠭᠤᠯᠤᠨ᠂ ᠠᠵᠢᠯᠲᠠᠨ ᠤ ᠬᠦᠴᠦᠨ ᠢ ᠡᠮᠬᠢᠯᠡᠨ ᠨᠡᠶᠢᠯᠡᠭᠦᠯᠵᠦ ᠳᠥᠷᠪᠡᠨ ᠮᠠᠯᠵᠢᠬᠤ | ᠭᠠᠴᠠᠭ᠎ᠠ ᠳᠤ ᠭᠦᠨᠵᠡᠭᠡᠶᠢᠷᠡᠨ᠂ ᠬᠡᠰᠡᠭ ᠳᠠᠭᠠᠭᠠᠴᠢᠯᠠᠨ ᠬᠠᠷᠢᠭᠤᠴᠠᠬᠤ᠂ ᠪᠥᠬᠦ ᠲᠠᠯ᠎ᠠ ᠪᠠᠷ ᠬᠠᠮᠤᠷᠬᠤ᠂ ᠲᠣᠷᠭᠠᠬᠤ | ᠪᠠ ᠰᠤᠷᠭᠠᠨ ᠬᠥᠮᠦᠵᠢᠭᠦᠯᠬᠦ ᠶᠢ ᠤᠶᠠᠯᠳᠤᠭᠤᠯᠬᠤ ᠠᠵᠢᠯ ᠤᠨ ᠠᠷᠭ᠎ᠠ ᠶᠣᠰᠣᠭᠠᠷ᠂ ᠲᠡᠷᠭᠡ ᠬᠥᠰᠬᠡ ᠪᠠᠷ ᠲᠣᠭᠤᠷᠢᠨ | ᠴᠠᠭᠳᠠᠬᠤ᠂ ᠵᠢᠯᠣᠭᠤᠴᠢ ᠥᠬᠡᠶ ᠨᠢᠰᠬᠡᠯ ᠢᠶᠠᠷ ᠠᠭᠠᠷ ᠢᠶᠠᠷ ᠰᠡᠭᠦᠳᠡᠷᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠬᠠᠷᠢᠶᠠᠲᠤ ᠣᠷᠣᠨ ᠤ ᠳᠣᠲᠣᠷᠠᠬᠢ ᠨᠤᠲᠤᠭ ᠪᠡᠯᠴᠢᠭᠡᠷ ᠢ ᠪᠥᠬᠦ ᠲᠠᠯ᠎ᠠ ᠪᠠᠷ᠂ ᠰᠠᠴᠣᠷᠠᠭ ᠮᠠᠶ᠋ᠢᠭ ᠢᠶᠠᠷ ᠲᠣᠭᠤᠷᠢᠨ | ᠪᠠᠶᠢᠴᠠᠭᠠᠵᠤ᠂ ᠪᠤᠶᠢᠳᠠ ᠪᠥᠭᠯᠡᠭᠦᠤ ᠣᠷᠣᠨ ᠪᠦᠰᠡ᠂ ᠲᠥᠷᠥᠯ ᠵᠦᠢᠯ ᠤᠨ ᠣᠷᠣᠨ ᠵᠡᠷᠭᠡ ᠳᠤ ᠲᠣᠭᠲᠠᠭᠠᠯ ᠠᠴᠠ | ᠵᠥᠷᠢᠴᠡᠨ ᠮᠠᠯ ᠮᠠᠯᠵᠢᠬᠤ ᠦᠢᠯᠡ ᠠᠵᠢᠯᠯᠠᠭ᠎ᠠ ᠣᠷᠣᠰᠢᠵᠤ ᠪᠠᠶᠢᠬᠤ ᠡᠰᠡᠬᠦ ᠶᠢ ᠭᠤᠤᠯᠳᠠᠯᠭ᠎ᠠ ᠲᠠᠢ ᠪᠠᠶᠢᠴᠠᠭᠠᠪᠠ᠃ | ᠠᠩᠬ᠎ᠠ ᠤᠳᠠᠭ᠎ᠠ ᠲᠣᠭᠲᠠᠭᠠᠯ ᠠᠴᠠ ᠵᠥᠷᠢᠴᠡᠭᠰᠡᠨ ᠮᠠᠯᠴᠢᠳ ᠢ ᠰᠢᠭᠦᠮᠵᠢᠯᠡᠨ ᠰᠤᠷᠭᠠᠬᠤ ᠪᠠᠷ ᠭᠤᠤᠯ ᠪᠣᠯᠭᠠᠵᠤ᠂ | ᠲᠤᠬᠠᠶ ᠶᠢᠨ ᠲᠠᠯᠠᠪᠤᠷ ᠲᠤ ᠴᠡᠭᠴᠡᠯᠡᠨ ᠰᠠᠶᠢᠵᠢᠷᠠᠭᠤᠯᠬᠤ ᠶᠢ ᠰᠢᠪᠠᠳᠠᠨ᠎ᠠ︔ ᠣᠯᠠᠨᠲᠠ ᠰᠤᠷᠭᠠᠪᠠᠴᠤ ᠵᠠᠰᠠᠷᠠᠬᠤ ᠦᠭᠡᠢ | ᠪᠤᠶᠤ ᠦᠢᠯᠡ ᠪᠠᠶᠢᠳᠠᠯ ᠨᠢ ᠬᠦᠨᠳᠦ ᠨᠣᠴᠢᠲᠠᠶ ᠬᠥᠮᠦᠰ ᠢ ᠬᠠᠤᠯᠢ ᠲᠣᠭᠲᠠᠭᠠᠯ ᠶᠣᠰᠣᠭᠠᠷ ᠬᠡᠷᠡᠭ ᠪᠣᠯᠭᠠᠨ | ᠳᠡᠩᠰᠡᠯᠡᠵᠦ ᠪᠠᠶᠢᠴᠠᠭᠠᠨ ᠰᠢᠢᠳᠪᠣᠷᠢᠯᠡᠨ᠎ᠡ᠃ | ᠡᠭᠦᠨ ᠤ ᠬᠠᠮᠲᠤ᠂ ᠬᠠᠤᠯᠢ ᠬᠡᠷᠡᠭᠵᠢᠭᠦᠯᠬᠦ ᠠᠩᠭᠢ ᠲᠣᠭᠤᠷᠢᠨ ᠪᠠᠶᠢᠴᠠᠭᠠᠬᠤ ᠶᠠᠪᠤᠴᠠ ᠳᠠᠭᠠᠨ ᠬᠠᠤᠯᠢ | ᠬᠡᠷᠡᠭᠵᠢᠭᠦᠯᠬᠦ ᠪᠠ ᠬᠠᠤᠯᠢ ᠲᠦᠭᠡᠮᠡᠯᠵᠢᠭᠦᠯᠬᠦ ᠶᠢ ᠤᠶᠠᠯᠳᠤᠭᠤᠯᠬᠤ ᠶᠢ ᠪᠠᠷᠢᠮᠲᠠᠯᠠᠵᠤ᠂ ᠮᠠᠯᠴᠢᠳ ᠲᠤ ᠮᠣᠩᠭᠤᠯ | ᠬᠢᠲᠠᠳ ᠬᠤᠤᠰ ᠬᠡᠯᠡᠨ ᠤ ᠰᠡᠯᠭᠦᠨ ᠮᠠᠯᠵᠢᠬᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠪᠡᠯᠴᠢᠭᠡᠷᠯᠡᠭᠦᠯᠬᠦ ᠶᠢ | ᠵᠣᠭᠰᠣᠭᠠᠬᠤ ᠲᠥᠷᠥ ᠶᠢᠨ ᠪᠣᠳᠣᠯᠭ᠎ᠠ ᠶᠢᠨ ᠴᠢᠬᠤᠯᠠ ᠠᠴᠢ ᠬᠤᠯᠪᠣᠭᠳᠠᠯ ᠢ ᠤᠬᠠᠭᠤᠯᠤᠨ᠂ ᠮᠠᠯᠴᠢᠳ ᠤᠨ ᠠᠮᠢ | ᠠᠬᠤᠶ ᠶᠢ ᠬᠠᠮᠠᠭᠠᠯᠠᠬᠤ ᠦᠵᠡᠯ ᠤᠬᠠᠮᠰᠠᠷ ᠢ ᠳᠡᠭᠡᠭᠰᠢᠯᠡᠭᠦᠯᠵᠦ᠂ ᠮᠠᠯᠴᠢᠳ ᠢ ᠬᠥᠲᠥᠯᠥᠨ ᠵᠢᠯᠣᠭᠤᠳᠴᠤ ᠪᠠᠶᠢᠭᠠᠳ | ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠬᠠᠮᠵᠢᠯᠴᠠᠭᠤᠯᠵᠤ᠂ ᠨᠤᠲᠤᠭ ᠪᠡᠯᠴᠢᠭᠡᠷ ᠤᠨ ᠠᠮᠢ ᠠᠬᠤᠶ ᠶᠢ | ᠬᠠᠮᠠᠭᠠᠯᠠᠬᠤ ᠠᠵᠢᠯ ᠳᠤ ᠬᠠᠮᠲᠤᠪᠠᠷ ᠣᠷᠣᠯᠴᠠᠭᠤᠯᠤᠨ᠎ᠠ᠃ | ᠲᠠᠷᠠᠭᠠᠴᠢ ᠶᠢᠨ ᠠᠯᠬᠤᠮ ᠳᠤ᠂ ᠭᠡᠷᠡᠯᠳᠦᠠᠣᠳᠦ ᠰᠤᠮᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠠᠩᠭᠢ ᠥᠨᠳᠥᠷ ᠳᠠᠷᠤᠯᠲᠠᠲᠤ ᠪᠠᠶᠢᠳᠠᠯ ᠢᠶᠠᠨ ᠦᠷᠭᠦᠯᠵᠢᠯᠡᠨ ᠪᠠᠲᠤᠯᠠᠵᠤ᠂ ᠲᠣᠭᠤᠷᠢᠨ ᠪᠠᠶᠢᠴᠠᠭᠠᠬᠤ | ᠤᠳᠠᠭ᠎ᠠ ᠪᠠ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠲᠣᠭᠲᠠᠭᠠᠯ ᠠᠴᠠ ᠵᠥᠷᠢᠴᠡᠨ ᠮᠠᠯ | ᠬᠠᠷᠢᠭᠤᠯᠤᠭᠰᠠᠨ ᠦᠢᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠵᠦ᠂ ᠪᠡᠯᠴᠢᠭᠡᠷ | ᠰᠡᠷᠭᠦᠭᠡᠬᠦ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠨ᠎ᠠ᠃ |