【 ᠲᠠᠪᠤᠨ ᠶᠡᠭᠡ ᠡᠭᠦᠷᠭᠡ ᠶᠢᠨ ᠠᠮᠵᠢᠯᠲᠠ ᠤᠯᠬᠤ ᠶᠢ ᠠᠬᠢᠭᠤᠯᠤᠨ᠎ᠠ 】 ᠨᠢᠭᠡᠳᠦᠭᠡᠷ ᠤᠯᠠᠷᠢᠯ ᠳᠤ ᠡᠷᠢᠶᠡᠨ ᠬᠤᠲᠠ ᠶᠢᠨ ᠪᠣᠭᠤᠮᠲᠠ ᠶᠢᠨ ᠭᠠᠷ ᠳᠠᠮᠵᠢᠭᠰᠠᠨ ᠮᠠᠰᠢᠨ ᠲᠡᠷᠭᠡ ᠭᠠᠳᠠᠭᠠᠳᠤ ᠳᠤ ᠭᠠᠷᠭᠠᠬᠤ ᠳᠣᠬᠠᠶᠢᠯᠠᠭᠰᠠᠨ ᠠᠵᠢᠯ ᠲᠦᠷᠭᠡᠨ ᠬᠥᠭᠵᠢᠪᠡ
ᠨᠡᠶᠢᠲᠡᠯᠡᠭᠰᠡᠨ ᠴᠠᠭ᠄
2025/4/10
  ᠡᠨᠡ ᠵᠢᠯ ᠤᠨ ᠨᠢᠭᠡᠳᠦᠭᠡᠷ ᠤᠯᠠᠷᠢᠯ ᠳᠤ᠂ ᠡᠷᠢᠶᠡᠨ ᠬᠤᠲᠠ ᠶᠢᠨ ᠪᠣᠭᠤᠮᠲᠠ ᠶᠢᠨ 4 ᠠᠵᠤ ᠠᠬᠤᠶᠢᠯᠠᠯ ᠤᠨ ᠭᠠᠳᠠᠭᠠᠳᠤ ᠳᠤ ᠭᠠᠷᠭᠠᠬᠤ ᠦᠨᠡᠮᠯᠡᠯ ᠲᠠᠢ ᠭᠠᠷ ᠳᠠᠮᠵᠢᠭᠰᠠᠨ ᠮᠠᠰᠢᠨ ᠲᠡᠷᠭᠡ 358 ᠰᠠᠭᠤᠷᠢ ᠪᠠᠶᠢᠯ᠎ᠠ᠃
  2024 ᠣᠨ ᠳᠤ ᠭᠠᠷ ᠳᠠᠮᠵᠢᠭᠰᠠᠨ ᠮᠠᠰᠢᠨ ᠲᠡᠷᠭᠡ ᠶᠢ ᠭᠠᠳᠠᠭᠠᠳᠤ ᠳᠤ ᠭᠠᠷᠭᠠᠬᠤ ᠲᠦᠷᠦ ᠶᠢᠨ ᠪᠤᠳᠤᠯᠭ᠎ᠠ ᠳᠤ ᠲᠤᠬᠢᠷᠠᠭᠤᠯᠤᠯᠳᠠ ᠬᠢᠭᠰᠡᠨ ᠠᠴᠠ ᠨᠠᠰᠢ᠂ ᠡᠷᠢᠶᠡᠨ ᠬᠤᠳᠠ ᠪᠣᠭᠤᠮᠲᠠ ᠶᠢᠨ ᠭᠠᠵᠠᠷ ᠣᠷᠣᠨ ᠤ ᠳᠠᠪᠠᠭᠤᠯᠢᠭ ᠢ ᠭᠦᠢᠴᠡᠳ ᠠᠰᠢᠭᠯᠠᠵᠤ᠂ ᠠᠵᠤ ᠠᠬᠤᠶᠢᠯᠠᠯ ᠢ ᠲᠠᠲᠠᠵᠤ ᠪᠠᠶᠢᠭᠠᠳ ᠲᠤᠬᠠᠶᠢᠯᠠᠭᠰᠠᠨ ᠠᠵᠢᠯ ᠢ ᠥᠷᠨᠢᠭᠦᠯᠵᠦ᠂ ᠭᠠᠷ ᠳᠠᠮᠵᠢᠭᠰᠠᠨ ᠮᠠᠰᠢᠨ ᠲᠡᠷᠭᠡ ᠶᠢ ᠭᠠᠳᠠᠭᠠᠳᠤ ᠳᠤ ᠭᠠᠷᠭᠠᠬᠤ ᠬᠡᠪᠴᠢᠶ᠎ᠡ ᠶᠢ ᠲᠠᠰᠤᠷᠠᠯᠲᠠ ᠦᠭᠡᠢ ᠥᠷᠭᠡᠳᠬᠡᠪᠡ᠃ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 2024 ᠣᠨ ᠳᠤ ᠡᠷᠢᠶᠡᠨ ᠬᠤᠲᠠ ᠶᠢᠨ ᠭᠠᠳᠠᠭᠠᠳᠤ ᠳᠤ ᠭᠠᠷᠭᠠᠭᠰᠠᠨ ᠦᠨᠡᠮᠯᠡᠯ ᠲᠠᠢ ᠬᠤᠯᠪᠣᠭᠳᠠᠭᠰᠠᠨ ᠭᠠᠷ ᠳᠠᠮᠵᠢᠭᠰᠠᠨ ᠮᠠᠰᠢᠨ ᠲᠡᠷᠭᠡ ᠨᠡᠶᠢᠲᠡ 610 ᠪᠠᠶᠢᠵᠤ᠂ ᠠᠷᠠᠯᠵᠢᠶᠠᠨ ᠤ ᠲᠤᠭ᠎ᠠ 464.5 ᠲᠦᠮᠡᠨ ᠳ᠋ᠣᠯᠯᠠᠷ ᠲᠤ ᠬᠦᠷᠴᠡᠶ᠃
  ᠣᠶᠢᠯᠠᠭᠠᠭᠰᠠᠨ ᠢᠶᠠᠷ᠂ ᠣᠳᠣᠬᠠᠨ ᠳᠤ ᠡᠷᠢᠶᠡᠨ ᠬᠤᠲᠠ ᠳᠤ 4 ᠠᠵᠤ ᠠᠬᠤᠶᠢᠯᠠᠯ ᠭᠠᠷ ᠳᠠᠮᠵᠢᠭᠰᠠᠨ ᠮᠠᠰᠢᠨ ᠲᠡᠷᠭᠡ ᠶᠢ ᠭᠠᠳᠠᠭᠠᠳᠤ ᠳᠤ ᠭᠠᠷᠭᠠᠬᠤ ᠵᠥᠪᠰᠢᠶᠡᠷᠡᠯ ᠤᠨ ᠬᠢᠷᠢ ᠬᠡᠮ ᠲᠠᠢ ᠪᠠᠶᠢᠨ᠎ᠠ᠃ ᠡᠭᠦᠨ ᠳᠤ᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠪᠦᠯᠦᠭ ᠭᠠᠷ ᠳᠠᠮᠵᠢᠭᠰᠠᠨ ᠮᠠᠰᠢᠨ ᠲᠡᠷᠭᠡ ᠶᠢ ᠭᠠᠳᠠᠭᠠᠳᠤ ᠳᠤ ᠠᠵᠤ ᠠᠬᠤᠶ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠣᠯᠤᠭᠰᠠᠨ ᠤ ᠬᠤᠪᠢ ᠳᠤ᠂ 2024 ᠣᠨ ᠳᠤ ᠨᠡᠶᠢᠲᠡ 400 ᠭᠠᠷᠤᠶ ᠭᠠᠷ ᠳᠠᠮᠵᠢᠭᠰᠠᠨ ᠮᠠᠰᠢᠨ ᠲᠡᠷᠭᠡ ᠶᠢ ᠭᠠᠳᠠᠭᠠᠳᠤ ᠳᠤ ᠭᠠᠷᠭᠠᠵᠤ᠂ SUV ᠪᠠ ᠬᠤᠳᠠᠯᠳᠤᠭᠠᠨ ᠤ ᠶᠠᠪᠤᠳᠠᠯ ᠤᠨ ᠠᠴᠢᠶᠠᠨ ᠤ ᠮᠠᠰᠢᠨ ᠲᠡᠷᠭᠡ ᠵᠡᠷᠭᠡ ᠲᠥᠷᠥᠯ ᠬᠡᠯᠪᠡᠷᠢ ᠪᠠᠷ ᠭᠤᠤᠯ ᠪᠣᠯᠭᠠᠪᠠ᠃     ᠡᠷᠢᠶᠡᠨ ᠬᠤᠲᠠ ᠨᠢ ᠮᠣᠩᠭᠤᠯ ᠤᠯᠤᠰ ᠲᠤ ᠨᠡᠭᠡᠭᠡᠯᠲᠡ ᠬᠢᠬᠦ ᠶᠡᠷᠦᠩᠬᠡᠶᠢᠯᠡᠭᠰᠡᠨ ᠴᠢᠨᠠᠷᠲᠠᠢ ᠵᠠᠩᠭᠢᠯᠠᠭ᠎ᠠ ᠪᠣᠯᠬᠤ ᠪᠣᠭᠤᠮᠲᠠ ᠪᠣᠯᠤᠭᠰᠠᠨ ᠤ ᠬᠤᠪᠢ ᠳᠤ᠂ ᠭᠠᠷ ᠳᠠᠮᠵᠢᠭᠰᠠᠨ ᠮᠠᠰᠢᠨ ᠲᠡᠷᠭᠡ᠂ ᠲᠠᠸᠠᠷ ᠤᠨ ᠲᠡᠷᠭᠡ ᠵᠡᠷᠭᠡ ᠲᠡᠷᠭᠡ ᠬᠥᠰᠭᠡ ᠶᠢᠨ ᠪᠣᠭᠤᠮᠲᠠ ᠥᠩᠭᠡᠷᠡᠬᠦ᠂ ᠬᠢᠨᠠᠨ ᠬᠠᠮᠢᠶᠠᠷᠬᠤ᠂ ᠪᠠᠶᠢᠴᠠᠭᠠᠨ ᠰᠢᠯᠭᠠᠬᠤ ᠴᠢᠳᠠᠪᠤᠷᠢ ᠶᠢ ᠪᠦᠷᠢᠳᠦᠭᠦᠯᠵᠦ᠂ ᠮᠣᠩᠭᠤᠯ ᠤᠯᠤᠰ ᠤᠨ ᠠᠭᠤᠷᠬᠠᠢ ᠶᠢᠨ ᠦᠢᠯᠡᠰ ᠤᠨ ᠬᠥᠭᠵᠢᠯᠲᠡ ᠨᠢ ᠲᠡᠷᠭᠡ ᠬᠥᠰᠭᠡ ᠶᠢᠨ ᠬᠡᠷᠡᠭᠴᠡᠭᠡ ᠱᠠᠭᠠᠷᠳᠠᠯᠭ᠎ᠠ ᠳᠤ ᠴᠢᠭᠯᠡᠭᠦᠯᠦᠨ᠂ ᠭᠠᠷ ᠳᠠᠮᠵᠢᠭᠰᠠᠨ ᠮᠠᠰᠢᠨ ᠲᠡᠷᠭᠡᠨ ᠤ ᠭᠠᠳᠠᠭᠠᠳᠤ ᠭᠠᠷᠭᠠᠯᠲᠠ ᠶᠢᠨ ᠳᠣᠬᠠᠶᠢᠯᠠᠭᠰᠠᠨ ᠠᠵᠢᠯ ᠳᠤ ᠠᠰᠢᠭᠳᠠᠢ ᠨᠥᠬᠦᠴᠡᠯ ᠬᠠᠩᠭᠠᠭᠰᠠᠨ ᠪᠠᠶᠢᠨ᠎ᠠ᠃ ᠡᠭᠦᠨ ᠤ ᠬᠠᠮᠲᠤ᠂ ᠲᠤᠬᠠᠶ ᠶᠢᠨ ᠭᠠᠵᠠᠷ ᠨᠢ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠪᠦᠯᠦᠭ ᠭᠠᠷ ᠳᠠᠮᠵᠢᠭᠰᠠᠨ ᠮᠠᠰᠢᠨ ᠲᠡᠷᠭᠡᠨ ᠤ ᠭᠠᠳᠠᠭᠠᠳᠤ ᠳᠤ ᠭᠠᠷᠭᠠᠬᠤ ᠰᠠᠭᠤᠷᠢᠨ ᠭᠠᠵᠠᠷ ᠤᠨ ᠭᠡᠷᠡᠴᠢᠯᠡᠭᠡ ᠪᠠᠷ ᠳᠠᠮᠵᠢᠭᠤᠯᠤᠨ᠂ ᠬᠡᠪᠴᠢᠶᠡᠲᠦ ᠦᠷ᠎ᠡ ᠠᠰᠢᠭ ᠪᠠ ᠬᠥᠲᠥᠴᠢ ᠦᠢᠯᠡᠳᠦᠯ ᠢ ᠪᠣᠶ ᠪᠣᠯᠭᠠᠵᠤ᠂ ᠭᠠᠷ ᠳᠠᠮᠵᠢᠭᠰᠠᠨ ᠮᠠᠰᠢᠨ ᠲᠡᠷᠭᠡᠨ ᠤ ᠭᠠᠳᠠᠭᠠᠳᠤ ᠳᠤ ᠭᠠᠷᠭᠠᠬᠤ ᠠᠵᠤ ᠦᠢᠯᠡᠰ ᠤᠨ ᠬᠡᠯᠬᠢᠶ᠎ᠡ ᠪᠣᠭᠤᠮᠲᠠ ᠳᠤ ᠴᠤᠭᠯᠠᠷᠠᠨ᠂ ᠭᠠᠷ ᠳᠠᠮᠵᠢᠭᠰᠠᠨ ᠮᠠᠰᠢᠨ ᠲᠡᠷᠭᠡ ᠶᠢ ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠤᠨ ᠲᠦᠷᠭᠡᠨ ᠬᠥᠭᠵᠢᠯᠲᠡ ᠶᠢ ᠠᠬᠢᠭᠤᠯᠪᠠ᠃    
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号