【 ᠲᠠᠪᠤᠨ ᠶᠡᠭᠡ ᠡᠭᠦᠷᠭᠡ ᠶᠢᠨ ᠠᠮᠵᠢᠯᠲᠠ ᠤᠯᠬᠤ ᠶᠢ ᠠᠬᠢᠭᠤᠯᠤᠨ᠎ᠠ 】 ᠡᠨᠡ ᠵᠢᠯ ᠤᠨ ᠨᠢᠭᠡᠳᠦᠭᠡᠷ ᠤᠯᠠᠷᠢᠯ ᠳᠤ ᠮᠠᠨ ᠤ ᠬᠤᠲᠠ ᠶᠢᠨ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠲᠤᠭ᠎ᠠ 3896 ᠲᠦᠮᠡᠨ ᠲᠥᠭᠦᠷᠢᠭ ᠲᠤ ᠬᠦᠷᠪᠡ
ᠨᠡᠶᠢᠲᠡᠯᠡᠭᠰᠡᠨ ᠴᠠᠭ᠄
2025/4/10
   ᠰᠤᠷᠪᠤᠯᠵᠢᠯᠠᠭᠴᠢ ᠣᠶᠢᠷ᠎ᠠ ᠳᠤ ᠵᠠᠬ᠎ᠠ ᠶᠢᠨ ᠠᠷᠠᠯᠵᠢᠶᠠᠨ ᠤ ᠲᠣᠭᠤᠷᠢᠭ ᠤᠨ ᠦᠢᠯᠡᠴᠢᠯᠡᠭᠡᠨ ᠤ ᠲᠥᠪ ᠠᠴᠠ ᠣᠶᠢᠯᠠᠭᠠᠵᠦ ᠮᠡᠳᠡᠭᠰᠡᠨ ᠨᠢ᠂ ᠡᠨᠡ ᠵᠢᠯ ᠤᠨ ᠨᠢᠭᠡᠳᠦᠭᠡᠷ ᠤᠯᠠᠷᠢᠯ ᠳᠤ᠂ ᠮᠠᠨ ᠤ ᠬᠤᠲᠠ ᠶᠢᠨ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠲᠣᠭᠤᠷᠢᠭ ᠤᠨ ᠭᠠᠳᠠᠭᠠᠳᠤ ᠠᠴᠠ ᠣᠷᠣᠭᠤᠯᠤᠭᠰᠠᠨ ᠲᠠᠸᠠᠷ ᠤᠨ ᠬᠦᠨᠳᠦ ᠨᠢ 2063 ᠲᠤᠨ ᠪᠠᠶᠢᠵᠦ᠂ ᠠᠷᠠᠯᠵᠢᠶᠠᠨ ᠤ ᠬᠡᠮᠵᠢᠶ᠎ᠡ ᠨᠢ 3896.6 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 186% ᠪᠠᠷ ᠨᠡᠮᠡᠭᠳᠡᠵᠡᠢ᠃ ᠡᠭᠦᠨ ᠳᠤ ᠨᠤᠲᠤᠭ ᠤᠨ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠥᠷᠲᠡᠭ ᠨᠢ 3642.6 ᠲᠦᠮᠡᠨ ᠲᠥᠭᠦᠷᠢᠭ᠂ ᠬᠤᠶᠠᠳᠠᠬᠢ ᠤᠳᠠᠭ᠎ᠠ ᠲᠠᠸᠠᠷ ᠤᠨ ᠠᠷᠠᠯᠵᠢᠶ᠎ᠠ ᠶᠢᠨ ᠥᠷᠲᠡᠭ ᠨᠢ 254 ᠲᠦᠮᠡᠨ ᠲᠥᠭᠦᠷᠢᠭ ᠪᠣᠯᠣᠨ᠎ᠠ᠃     ᠪᠥᠬᠦ ᠣᠷᠣᠨ ᠤ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶ᠎ᠠ ᠶᠢ ᠪᠣᠳᠠᠲᠠᠶᠢᠵᠢᠭᠤᠯᠤᠨ ᠡᠳ᠋ᠰᠢᠭᠦᠯᠬᠦ ᠲᠤᠷᠰᠢᠯᠲᠠ ᠶᠢᠨ ᠴᠡᠭ ᠪᠣᠯᠤᠭᠰᠠᠨ ᠤ ᠬᠤᠪᠢ ᠳᠤ᠂ ᠮᠠᠨ ᠤ ᠬᠤᠲᠠ ᠭᠠᠳᠠᠭᠠᠳᠤ ᠠᠷᠠᠯᠵᠢᠶᠠᠨ ᠤ ᠬᠠᠮᠲᠤᠷᠠᠯᠴᠠᠭ᠎ᠠ ᠪᠠᠨ ᠲᠠᠰᠤᠷᠠᠯᠲᠠ ᠥᠬᠡᠶ ᠭᠦᠨᠵᠡᠭᠡᠶᠢᠷᠡᠭᠦᠯᠬᠦ ᠶᠢᠨ ᠬᠠᠮᠲᠤ᠂ ᠪᠣᠳᠠᠲᠠᠶᠢᠵᠢᠭᠤᠯᠤᠨ ᠡᠳ᠋ᠰᠢᠭᠦᠯᠬᠦ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠪᠠᠷ ᠴᠢᠷᠮᠠᠶᠢᠵᠤ᠂ ︽ᠠᠵᠤ ᠠᠬᠤᠶ ᠶᠢᠨ ᠨᠡᠪᠲᠡᠷᠡᠬᠦ ᠵᠠᠮ︾ ᠢ ︽ᠨᠡᠪᠲᠡᠷᠡᠬᠦ ᠵᠠᠮ ᠤᠨ ᠠᠵᠤ ᠠᠬᠤᠶ︾ ᠳᠠᠰᠢ ᠬᠤᠪᠢᠷᠠᠭᠤᠯᠬᠤ ᠶᠢ ᠲᠦᠷᠭᠡᠳᠬᠡᠨ ᠪᠡᠶᠡᠯᠡᠭᠦᠯᠵᠦ᠂ ︽ᠵᠠᠮ ᠥᠩᠭᠡᠷᠡᠬᠦ ᠠᠵᠤ ᠠᠬᠤᠶ︾ ᠶᠢ ︽ᠪᠣᠳᠠᠲᠠᠶᠢᠵᠢᠭᠤᠯᠤᠭᠰᠠᠨ ᠠᠵᠤ ᠠᠬᠤᠶ︾ ᠳᠠᠰᠢ ᠬᠤᠪᠢᠷᠠᠭᠤᠯᠬᠤ ᠶᠢ ᠲᠦᠷᠭᠡᠳᠬᠡᠨ᠂ ᠢᠮᠠᠭᠠᠨ ᠨᠣᠯᠤᠤᠷ᠂ ᠮᠢᠬᠠᠨ ᠤ ᠲᠥᠷᠥᠯ᠂ ᠮᠠᠭᠠᠯᠢᠩᠭᠤ ᠵᠡᠷᠭᠡ ᠭᠠᠳᠠᠭᠠᠳᠤ ᠠᠴᠠ ᠣᠷᠣᠭᠤᠯᠤᠭᠰᠠᠨ ᠦᠢᠯᠡᠳᠬᠦᠨ ᠢ ᠪᠣᠳᠠᠲᠠᠶᠢᠵᠢᠭᠤᠯᠤᠨ ᠡᠳ᠋ᠰᠢᠭᠦᠯᠬᠦ ᠬᠡᠪᠴᠢᠶ᠎ᠡ ᠶᠢ ᠢᠳᠡᠪᠬᠢᠲᠡᠶ ᠥᠷᠭᠡᠳᠬᠡᠪᠡ᠃ ᠨᠢᠭᠡᠳᠦᠭᠡᠷ ᠤᠯᠠᠷᠢᠯ ᠳᠤ᠂ ᠬᠢᠯᠢ ᠶᠢᠨ ᠠᠷᠠᠳ ᠤᠨ ᠬᠠᠷᠢᠯᠴᠠᠨ ᠠᠷᠠᠯᠵᠢᠶᠠᠯᠠᠬᠤ ᠵᠠᠬ᠎ᠠ ᠳᠡᠯᠭᠡᠭᠦᠷ ᠤᠨ ᠠᠷᠠᠯᠵᠢᠶᠠᠨ ᠤ ᠲᠣᠭᠤᠷᠢᠭ ᠲᠤ ᠮᠢᠬᠠᠨ ᠤ ᠲᠥᠷᠥᠯ ᠢ ᠡᠳ᠋ᠰᠢᠭᠦᠯᠬᠦ 2 ᠠᠵᠤ ᠠᠬᠤᠶᠢᠯᠠᠯ ᠢ ᠰᠢᠨ᠎ᠡ ᠪᠠᠷ ᠨᠡᠮᠡᠭᠳᠡᠭᠦᠯᠵᠦ᠂ ᠪᠣᠳᠠᠲᠠᠶᠢᠵᠢᠭᠤᠯᠤᠨ ᠡᠳ᠋ᠰᠢᠭᠦᠯᠬᠦ ᠠᠵᠤ ᠠᠬᠤᠶᠢᠯᠠᠯ ᠨᠢᠭᠡᠨᠲᠡ 19 ᠪᠣᠯᠵᠤ ᠨᠡᠮᠡᠭᠳᠡᠨ᠂ ᠠᠮᠤ ᠲᠣᠰᠣ᠂ ᠨᠣᠤᠰᠣ ᠨᠣᠯᠤᠤᠷ᠂ ᠮᠢᠬᠠᠨ ᠤ ᠲᠥᠷᠥᠯ ᠢᠶᠠᠷ ᠭᠤᠤᠯ ᠪᠣᠯᠭᠠᠭᠰᠠᠨ ᠡᠳ᠋ᠰᠢᠭᠦᠯᠬᠦ ᠠᠵᠤ ᠦᠢᠯᠡᠰ ᠤᠨ ᠰᠢᠰᠲ᠋ᠧᠮ ᠢ ᠪᠣᠶ ᠪᠣᠯᠭᠠᠪᠠ᠃      ᠡᠷᠢᠶᠡᠨ ᠤ ᠬᠢᠯᠢ ᠶᠢᠨ ᠪᠠᠶᠢᠴᠠᠭᠠᠯᠲᠠ ᠶᠢᠨ ᠠᠷᠠᠳ ᠤᠨ ᠴᠠᠭᠳᠠᠭ᠎ᠠ ᠬᠢᠯᠢ ᠪᠠᠷ ᠣᠷᠣᠵᠤ ᠢᠷᠡᠬᠦ ᠬᠠᠷᠢᠯᠴᠠᠨ ᠠᠷᠠᠯᠵᠢᠶᠠᠯᠠᠬᠤ ᠲᠣᠭᠤᠷᠢᠭ ᠤᠨ ᠲᠡᠷᠭᠡ ᠬᠥᠰᠬᠡ ᠪᠣᠯᠤᠨ ᠲᠡᠷᠭᠡ ᠳᠠᠭᠠᠵᠤ ᠪᠠᠶᠢᠭ᠎ᠠ ᠠᠵᠢᠯᠲᠠᠳ ᠢ ᠪᠠᠶᠢᠴᠠᠭᠠᠨ ᠰᠢᠯᠭᠠᠵᠠᠶ᠃      ᠬᠢᠯᠢ ᠶᠢᠨ ᠠᠷᠠᠳ ᠡᠳᠦᠷ ᠪᠦᠷᠢ 8000 ᠲᠥᠭᠦᠷᠢᠭ ᠤᠨ ᠭᠠᠶᠢᠯᠢ ᠠᠴᠠ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢᠨ ᠲᠠᠲᠠᠯᠴᠠᠭ᠎ᠠ ᠳᠣᠤᠷ᠎ᠠ᠂ ᠬᠢᠯᠢ ᠶᠢᠨ ᠠᠷᠠᠳ ︽ᠬᠤᠷᠰᠢᠶ᠎ᠠ᠂ ᠬᠠᠪᠰᠤᠷᠤᠯᠴᠠᠬᠤ ᠳᠤᠭᠤᠶᠢᠯᠠᠩ︾ ᠢ ᠵᠣᠬᠢᠶᠠᠨ ᠪᠠᠶᠢᠭᠤᠯᠵᠤ᠂ ᠬᠠᠮᠲᠤ ᠶᠢᠨ ᠵᠣᠬᠢᠶᠠᠨ ᠪᠠᠶᠢᠭᠤᠯᠤᠯᠲᠠ ᠶᠢᠨ ᠬᠡᠯᠪᠡᠷᠢ ᠪᠠᠷ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ ᠠᠷᠠᠯᠵᠢᠶ᠎ᠠ ᠶᠢ ᠥᠷᠨᠢᠭᠦᠯᠵᠦ᠂ ᠵᠣᠬᠢᠶᠠᠨ ᠪᠠᠶᠢᠭᠤᠯᠤᠯᠴᠠᠭᠰᠠᠨ ᠡᠵᠡᠩᠨᠡᠯᠲᠡ ᠶᠢ ᠪᠦᠷᠢᠯᠳᠦᠭᠦᠯᠵᠦ᠂ ᠬᠢᠯᠢ ᠶᠢᠨ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠶᠢ ᠦᠨᠡᠨ ᠬᠦ ᠠᠬᠢᠭᠤᠯᠵᠤ᠂ ᠬᠢᠯᠢ ᠬᠢᠵᠠᠭᠠᠷ ᠢ ᠬᠥᠭᠵᠢᠭᠦᠯᠦᠨ ᠠᠷᠠᠳ ᠢ ᠪᠠᠶᠠᠵᠢᠭᠤᠯᠬᠤ ᠲᠥᠷᠥ ᠶᠢᠨ ᠪᠣᠳᠣᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠤᠨ᠎ᠠ᠃ ᠨᠢᠭᠡᠳᠦᠭᠡᠷ ᠤᠯᠠᠷᠢᠯ ᠳᠤ ᠬᠢᠯᠢ ᠶᠢᠨ ᠠᠷᠠᠳ ᠤᠨ 4586 ᠬᠥᠮᠥᠨ ᠢ ᠪᠣᠳᠠᠲᠠᠢ ᠳᠤ ᠨᠠᠶᠢᠳᠠᠪᠤᠷᠢᠵᠢᠭᠤᠯᠤᠨ ᠪᠣᠯᠪᠠᠰᠤᠷᠠᠭᠤᠯᠵᠤ᠂ ᠠᠳᠠᠯᠢ ᠬᠤᠭᠤᠴᠠᠭᠠᠨ ᠤ ᠬᠢ ᠠᠴᠠ 260% ᠪᠠᠷ ᠨᠡᠮᠡᠭᠳᠡᠨ᠂ ᠬᠢᠯᠢ ᠶᠢᠨ ᠠᠷᠠᠳ ᠬᠠᠷᠢᠯᠴᠠᠨ ᠬᠠᠪᠰᠤᠷᠤᠯᠴᠠᠵᠤ ᠬᠢᠯᠢ ᠶᠢᠨ ᠠᠷᠠᠳ ᠢ ᠲᠠᠲᠠᠨ ᠣᠷᠣᠭᠤᠯᠬᠤ᠂ ᠠᠷᠠᠯᠵᠢᠶᠠᠨ ᠤ ᠬᠥᠭᠵᠢᠯᠲᠡ ᠶᠢ ᠠᠬᠢᠭᠤᠯᠬᠤ ᠲᠠᠯ᠎ᠠ ᠪᠠᠷ ᠲᠣᠪᠤᠶᠢᠮ᠎ᠠ ᠦᠷ᠎ᠡ ᠪᠦᠲᠦᠮᠵᠢ ᠣᠯᠪᠠ᠃      ᠣᠲᠣ ᠪᠣᠯᠲᠠᠯ᠎ᠠ᠂ ᠮᠠᠨ ᠤ ᠬᠤᠲᠠ ᠶᠢᠨ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠲᠣᠭᠤᠷᠢᠭ ᠲᠤ ᠨᠡᠶᠢᠲᠡ 19 ᠡᠳ᠋ᠰᠢᠭᠦᠯᠬᠦ ᠠᠵᠤ ᠠᠬᠤᠶᠢᠯᠠᠯ ᠲᠠᠢ ᠪᠣᠯᠵᠤ᠂ ᠬᠢᠯᠢ ᠶᠢᠨ ᠠᠷᠠᠳ ᠤᠨ ᠬᠠᠷᠢᠯᠴᠠᠨ ᠬᠠᠪᠰᠤᠷᠤᠯᠴᠠᠬᠤ ᠳᠤᠭᠤᠶᠢᠯᠠᠩ 16᠂ ᠬᠤᠷᠰᠢᠶ᠎ᠠ 7 ᠪᠠᠶᠢᠵᠤ᠂ ᠬᠢᠯᠢ ᠶᠢᠨ ᠠᠷᠠᠳ ᠤᠨ ᠳᠠᠩᠰᠠᠯᠠᠭᠤᠯᠤᠭᠰᠠᠨ ᠬᠥᠮᠦᠨ ᠤ ᠲᠤᠭ᠎ᠠ 1.39 ᠲᠦᠮᠡ ᠳᠤ ᠬᠦᠷᠴᠡᠶ᠃ ᠭᠠᠳᠠᠭᠠᠳᠤ ᠠᠴᠠ ᠣᠷᠣᠭᠤᠯᠤᠭᠰᠠᠨ ᠪᠠᠷᠠᠭ᠎ᠠ ᠨᠢ ᠭᠤᠣᠯᠳᠠᠭᠤ ᠮᠣᠩᠭᠤᠯ ᠤᠯᠤᠰ ᠲᠤ ᠬᠤᠨᠢᠨ ᠨᠣᠣᠰᠣ᠂ ᠬᠦᠯᠳᠡᠭᠡᠭᠰᠡᠨ ᠮᠣᠷᠢᠨ ᠤ ᠮᠢᠬ᠎ᠠ᠂ ᠭᠤᠯᠢᠷ᠂ ᠭᠤᠲᠤᠯ᠂ ᠮᠣᠩᠭᠤᠯ ᠲᠡᠷᠯᠢᠭ᠂ ᠭᠠᠷ ᠤᠷᠠᠯᠠᠯ ᠤᠨ ᠪᠦᠲᠦᠭᠡᠭᠳᠡᠬᠦᠨ᠂ ᠨᠣᠣᠯᠣᠭᠤᠷ ᠤᠨ ᠪᠦᠲᠦᠭᠡᠭᠳᠡᠬᠦᠨ ᠵᠡᠷᠭᠡ ᠪᠣᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号