【 ᠲᠠᠪᠤᠨ ᠶᠡᠭᠡ ᠡᠭᠦᠷᠭᠡ ᠶᠢᠨ ᠠᠮᠵᠢᠯᠲᠠ ᠤᠯᠬᠤ ᠶᠢ ᠠᠬᠢᠭᠤᠯᠤᠨ᠎ᠠ 】 ᠨᠢᠭᠡᠳᠦᠭᠡᠷ ᠤᠯᠠᠷᠢᠯ ᠳᠤ ᠡᠷᠢᠶᠡᠨ ᠪᠣᠭᠤᠮᠲᠠ ᠶᠢᠨ ᠭᠠᠳᠠᠭᠠᠳᠤ ᠳᠤ ᠭᠠᠷᠭᠠᠭᠰᠠᠨ ᠵᠢᠮᠢᠰ ᠨᠣᠭᠤᠭ᠎ᠠ 3.8 ᠲᠦᠮᠡᠨ ᠲᠣᠨ ᠳᠤ ᠬᠦᠷᠪᠡ
ᠨᠡᠶᠢᠲᠡᠯᠡᠭᠰᠡᠨ ᠴᠠᠭ᠄
2025/4/14
     ᠪᠦᠷᠢᠳᠬᠡᠯ ᠢ ᠦᠨᠳᠦᠰᠦᠯᠡᠪᠡᠯ᠂ ᠡᠨᠡ ᠵᠢᠯ ᠤᠨ ᠨᠢᠭᠡᠳᠦᠭᠡᠷ ᠤᠯᠠᠷᠢᠯ ᠳᠤ᠂ ᠡᠷᠢᠶᠡᠨ ᠪᠣᠭᠤᠮᠲᠠ ᠶᠢᠨ ᠭᠠᠳᠠᠭᠠᠳᠤ ᠳᠤ ᠭᠠᠷᠭᠠᠭᠰᠠᠨ ᠵᠢᠮᠢᠰ ᠨᠣᠭᠤᠭ᠎ᠠ 3.8 ᠲᠦᠮᠡᠨ ᠲᠣᠨ ᠳᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 36% ᠪᠠᠷ ᠨᠡᠮᠡᠭᠳᠡᠪᠡ᠃       4 ᠰᠠᠷ᠎ᠠ ᠶᠢᠨ 11 ᠤ ᠡᠳᠦᠷ᠂ ᠡᠷᠢᠶᠡᠨ ᠵᠠᠰᠠᠮᠠᠯ ᠵᠠᠮ ᠤᠨ ᠪᠣᠭᠤᠮᠲᠠ ᠳᠤ ᠶᠠᠭᠠᠷᠠᠯᠲᠠᠢ ᠪᠠᠶᠢᠳᠠᠯ ᠢᠯᠡᠷᠡᠵᠦ᠂ ᠲᠣᠰ ᠤᠯᠠᠷᠢᠯ ᠤᠨ ᠨᠠᠷᠢᠨ ᠨᠣᠭᠤᠭ᠎ᠠ ᠪᠠ ᠰᠢᠨ᠎ᠡ ᠰᠣᠷᠭᠤᠭ ᠵᠢᠮᠢᠰ ᠨᠣᠭᠤᠭ᠎ᠠ ᠶᠢ ᠳᠦᠭᠦᠷᠲᠡᠯ᠎ᠡ ᠲᠡᠭᠡᠭᠡᠭᠰᠡᠨ ᠲᠡᠷᠭᠡ ᠤᠨᠤᠭ᠎ᠠ ᠪᠠᠷ ︽ᠳᠤᠮᠳᠠᠳᠤ ᠮᠣᠩᠭᠤᠯ ᠤᠨ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠤ ᠰᠠᠭᠠᠳ ᠦᠭᠡᠢ ᠨᠡᠪᠲᠡᠷᠡᠬᠦ ᠵᠠᠮ︾ ᠢᠶᠠᠷ ᠥᠩᠭᠡᠷᠡᠵᠦ᠂ ᠵᠥᠪᠬᠡᠨ 10 ᠮᠢᠨᠦ᠋ᠲ ᠲᠤ ᠪᠣᠭᠤᠮᠲᠠ ᠪᠠᠷ ᠥᠩᠭᠡᠷᠡᠬᠦ ᠭᠠᠷ ᠭᠦᠢᠴᠡᠳᠬᠡᠯ ᠢ ᠬᠢᠵᠦ᠂ ᠮᠣᠩᠭᠤᠯ ᠤᠯᠤᠰ ᠤᠨ ᠤᠯᠠᠭᠠᠨᠪᠠᠭᠠᠲᠤᠷ ᠬᠤᠲᠠ ᠳᠤ ᠣᠴᠢᠪᠠ᠃       ᠡᠷᠢᠶᠡᠨ ᠪᠣᠭᠤᠮᠲᠠ ᠪᠣᠯ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠪᠠ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ ᠵᠠᠩᠭᠢᠯᠠᠭ᠎ᠠ ᠶᠢᠨ ᠴᠡᠭ ᠪᠣᠯᠤᠨ᠎ᠠ᠃ ᠮᠣᠩᠭᠤᠯ ᠤᠯᠤᠰ ᠤᠨ 80 ᠤᠨ ᠬᠤᠪ ᠤᠨ ᠬᠦᠨᠡᠰᠦᠨ ᠤ ᠨᠣᠭᠤᠭ᠎ᠠ ᠶᠢ ᠡᠷᠢᠶᠡᠨ ᠪᠣᠭᠤᠮᠲᠠ ᠪᠠᠷ ᠳᠠᠮᠵᠢᠨ ᠣᠷᠣᠭᠤᠯᠵᠤ ᠪᠠᠶᠢᠨ᠎ᠠ᠃ ᠵᠢᠮᠢᠰ ᠢᠳᠡᠰᠢᠨ ᠨᠣᠭᠤᠭ᠎ᠠ ᠠᠮᠠᠷᠬᠠᠨ ᠢᠯᠵᠠᠷᠠᠬᠤ᠂ ᠬᠠᠳᠠᠭᠠᠯᠠᠬᠤ ᠳᠤ ᠬᠢᠯᠪᠠᠷ ᠪᠤᠰᠤ ᠵᠡᠷᠭᠡ ᠣᠨᠴᠠᠯᠢᠭ ᠲᠤ ᠴᠢᠭᠯᠡᠭᠦᠯᠦᠨ᠂ ᠪᠣᠭᠤᠮᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠪᠣᠭᠤᠮᠲᠠ ᠪᠠᠷ ᠥᠩᠭᠡᠷᠡᠬᠦ ᠥᠪᠡᠷ ᠤᠨ ᠥᠷᠲᠡᠭ ᠢ ᠪᠠᠭᠤᠷᠠᠭᠤᠯᠬᠤ ᠶᠢᠨ ᠲᠥᠯᠥᠭᠡ᠂ ᠡᠷᠢᠶᠡᠨ ᠤ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ᠨᠢ ︽ᠳᠤᠮᠳᠠᠳᠤ ᠮᠣᠩᠭᠤᠯ ᠤᠨ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠤ ᠰᠠᠭᠠᠳ ᠥᠬᠡᠶ ᠨᠡᠪᠲᠡᠷᠡᠬᠦ ᠵᠠᠮ︾ ᠢ ᠨᠡᠭᠡᠭᠡᠵᠦ᠂ ︽ᠬᠢᠯᠢ ᠶᠢᠨ ᠪᠠᠶᠢᠴᠠᠭᠠᠯᠲᠠ ᠶᠢ ᠨᠡᠪᠲᠡᠷᠡᠭᠦᠯᠬᠦ︾ ᠳᠠᠩᠰᠠᠯᠠᠭᠤᠯᠬᠤ ᠳᠤ ᠤᠷᠢᠳᠴᠢᠯᠠᠨ ᠪᠣᠯᠵᠣᠬᠤ ᠦᠢᠯᠡᠴᠢᠯᠡᠭᠡᠨ ᠤ ᠲᠠᠪᠴᠠᠩ ᠢ ᠰᠤᠳᠤᠯᠤᠨ ᠨᠡᠭᠡᠭᠡᠵᠦ᠂ ᠠᠵᠤ ᠠᠬᠤᠶᠢᠯᠠᠯ ᠰᠦᠯᠵᠢᠶᠡᠨ ᠳᠡᠭᠡᠷ᠎ᠡ ︽ᠤᠷᠢᠳᠴᠢᠯᠠᠨ ᠭᠤᠶᠤᠴᠢᠯᠠᠨ ᠮᠡᠳᠡᠭᠦᠯᠬᠦ︾᠂ ︽ᠤᠷᠢᠳᠴᠢᠯᠠᠨ ᠪᠣᠯᠵᠣᠵᠤ ᠪᠠᠶᠢᠴᠠᠭᠠᠨ ᠰᠢᠯᠭᠠᠬᠤ︾ ᠵᠡᠷᠭᠡ ᠪᠣᠭᠤᠮᠲᠠ ᠪᠠᠷ ᠥᠩᠭᠡᠷᠡᠬᠦ ᠠᠷᠭ᠎ᠠ ᠬᠡᠮᠵᠢᠶ᠎ᠡ ᠶᠢ ᠳᠥᠭᠦᠮᠴᠢᠯᠡᠵᠦ᠂ ᠲᠤᠰᠬᠠᠶ ᠬᠥᠮᠦᠨ ᠲᠣᠬᠢᠷᠠᠭᠤᠯᠤᠨ ᠲᠤᠰᠬᠠᠶ ᠠᠵᠢᠯ ᠤᠨ ᠪᠠᠶᠢᠷᠢ ᠳᠣᠭᠢᠷᠠᠭᠤᠯᠤᠨ ᠪᠠᠶᠢᠴᠠᠭᠠᠨ ᠰᠢᠯᠭᠠᠵᠤ᠂ ᠵᠢᠮᠢᠰ ᠢᠳᠡᠰᠢᠨ ᠨᠣᠭᠤᠭ᠎ᠠ ᠶᠢ ᠭᠠᠳᠠᠭᠠᠳᠤ ᠳᠤ ᠭᠠᠷᠭᠠᠬᠤ ︽ᠬᠡᠵᠢᠶ᠎ᠡ ᠢᠷᠡᠪᠡᠯ ᠪᠠᠶᠢᠴᠠᠭᠠᠬᠤ᠂ ᠳᠠᠷᠤᠶ ᠪᠠᠶᠢᠴᠠᠭᠠᠪᠠᠯ ᠳᠠᠷᠦ᠋ᠢᠬᠠᠨ ᠲᠠᠯᠪᠢᠬᠤ︾ ᠶᠢ ᠦᠨᠡᠨ ᠬᠦ ᠪᠠᠲᠤᠯᠠᠵᠤ᠂ ᠲᠠᠷᠢᠶᠠᠯᠠᠩ ᠤᠨ ᠪᠦᠲᠦᠭᠡᠭᠳᠡᠬᠦᠨ ᠤ ᠪᠣᠭᠤᠮᠲᠠ ᠪᠠᠷ ᠥᠩᠭᠡᠷᠡᠬᠦ ᠴᠠᠭ ᠢ 30% ᠪᠠᠷ ᠳᠡᠭᠡᠭᠰᠢᠯᠡᠭᠦᠯᠪᠡ᠃       ᠡᠷᠢᠶᠡᠨ ᠬᠤᠲᠠ ᠶᠢᠨ ᠬᠢᠯᠢ ᠪᠠᠷ ᠨᠡᠪᠳᠡᠷᠡᠬᠦ ᠬᠢᠯᠢ ᠶᠢᠨ ᠬᠠᠮᠠᠭᠠᠯᠠᠯᠲᠠ ᠶᠢᠨ ᠰᠢᠯᠭᠠᠨ ᠪᠠᠶᠢᠴᠠᠭᠠᠬᠤ ᠥᠷᠲᠡᠭᠡ ᠶᠢᠨ ᠡᠭᠦᠷᠭᠡ ᠬᠦᠢᠴᠡᠳᠬᠡᠬᠦ ᠲᠠᠪᠤᠳᠤᠭᠠᠷ ᠠᠩᠭᠢ ᠶᠢᠨ ᠳᠡᠳ᠋ ᠳᠠᠷᠤᠭ᠎ᠠ ᠬᠤᠤ ᠮᠢᠩ ᠰᠢᠩ ᠬᠡᠯᠡᠬᠦ ᠳᠡᠭᠡᠨ᠄ ︽ᠵᠢᠮᠢᠰ ᠢᠳᠡᠰᠢᠨ ᠨᠣᠭᠤᠭ᠎ᠠ ᠶᠢ ᠭᠠᠳᠠᠭᠠᠳᠤ ᠳᠤ ᠭᠠᠷᠭᠠᠬᠤ ᠠᠵᠤ ᠠᠬᠤᠶᠢᠯᠠᠯ ᠳᠤ ᠤᠷᠢᠳᠴᠢᠯᠠᠨ ᠭᠤᠶᠤᠴᠢᠯᠠᠨ ᠮᠡᠳᠡᠭᠦᠯᠬᠦ᠂ ᠤᠷᠢᠳᠴᠢᠯᠠᠨ ᠪᠣᠯᠵᠣᠵᠤ ᠪᠠᠶᠢᠴᠠᠭᠠᠨ ᠰᠢᠯᠭᠠᠬᠤ ᠵᠡᠷᠭᠡ ᠠᠷᠭ᠎ᠠ ᠮᠠᠶ᠋ᠢᠭ ᠢ ᠬᠠᠩᠭᠠᠵᠤ᠂ ᠭᠠᠳᠠᠭᠠᠳᠤ ᠳᠤ ᠭᠠᠷᠭᠠᠬᠤ ᠵᠢᠮᠢᠰ ᠨᠣᠭᠤᠭ᠎ᠠ ᠶᠢ ᠴᠠᠭ ᠲᠤᠬᠠᠶ ᠳᠤᠨᠢ ᠪᠠᠶᠢᠴᠠᠭᠠᠨ ᠰᠢᠯᠭᠠᠵᠤ᠂ ᠲᠦᠷᠭᠡᠨ ᠨᠡᠪᠲᠡᠷᠡᠭᠦᠯᠵᠦ᠂ ᠵᠢᠮᠢᠰ ᠢᠳᠡᠰᠢᠨ ᠨᠣᠭᠤᠭ᠎ᠠ ᠶᠢᠨ ᠲᠡᠷᠭᠡ ᠬᠥᠰᠬᠡ ᠶᠢᠨ ᠲᠦᠷᠭᠡᠨ ᠨᠡᠪᠲᠡᠷᠡᠬᠦ ᠶᠢ ᠪᠠᠲᠤᠯᠠᠨ᠎ᠠ︾ ᠭᠡᠵᠡᠶ᠃       ︽ᠳᠤᠮᠳᠠᠳᠤ ᠮᠣᠩᠭᠤᠯ ᠤᠨ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠤ ᠰᠠᠭᠠᠳ ᠥᠬᠡᠶ ᠨᠡᠪᠲᠡᠷᠡᠬᠦ ᠵᠠᠮ︾ ᠨᠢ ᠠᠷᠠᠯᠵᠢᠶᠠᠨ ᠤ ᠵᠠᠮ ᠪᠣᠯᠬᠤ ᠪᠠᠷ ᠪᠠᠷᠠᠬᠤ ᠥᠬᠡᠶ᠂ ᠨᠠᠩ ᠴᠤ ᠠᠷᠠᠳ ᠤᠨ ᠰᠡᠳᠬᠢᠯ ᠤᠨ ᠵᠠᠮ ᠪᠣᠯᠤᠨ᠎ᠠ᠃ ᠪᠦᠷᠢᠳᠬᠡᠯ ᠢ ᠦᠨᠳᠦᠰᠦᠯᠡᠪᠡᠯ᠂ 2018 ᠣᠨ ᠳᠤ ︽ᠳᠤᠮᠳᠠᠳᠤ ᠮᠣᠩᠭᠤᠯ ᠤᠨ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠤ ᠰᠠᠭᠠᠳ ᠥᠬᠡᠶ ᠨᠡᠪᠲᠡᠷᠡᠬᠦ ᠵᠠᠮ︾ ᠢ ᠨᠡᠪᠲᠡᠷᠡᠭᠦᠯᠦᠭᠰᠡᠨ ᠠᠴᠠ ᠨᠠᠰᠢ᠂ ᠡᠷᠢᠶᠡᠨ ᠪᠣᠭᠤᠮᠲᠠ ᠪᠠᠷ ᠨᠡᠶᠢᠲᠡ 73 ᠲᠦᠮᠡᠨ ᠲᠣᠨ ᠵᠢᠮᠢᠰ ᠨᠣᠭᠤᠭ᠎ᠠ ᠶᠢ ᠭᠠᠳᠠᠭᠠᠳᠤ ᠳᠤ ᠭᠠᠷᠭᠠᠵᠤ᠂ ᠪᠠᠷᠠᠭᠠᠨ ᠤ ᠥᠷᠲᠡᠭ ᠨᠢ 15 ᠳ᠋ᠦᠩᠰᠢᠭᠤᠷ ᠲᠥᠭᠦᠷᠢᠭ ᠲᠤ ᠬᠦᠷᠴᠡᠶ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠦᠷᠭᠦᠯᠵᠢᠯᠡᠨ ᠭᠦᠨᠵᠡᠭᠡᠶᠢᠷᠡᠬᠦ ᠶᠢ ᠳᠠᠭᠠᠯᠳᠤᠨ᠂ ᠳᠤᠮᠳᠠᠳᠤ ᠤᠯᠤᠰ ᠤᠨ ᠵᠢᠮᠢᠰ ᠨᠣᠭᠤᠭ᠎ᠠ ᠶᠠᠭ ᠨᠠᠩ ᠲᠦᠷᠭᠡᠨ ᠬᠤᠷᠳᠤᠴᠠ᠂ ᠨᠠᠩ ᠰᠢᠯᠢᠳᠡᠭ ᠶᠠᠰᠤ ᠴᠢᠨᠠᠷ ᠢᠶᠠᠷ ᠮᠣᠩᠭᠤᠯ ᠤᠯᠤᠰ ᠤᠨ ᠠᠷᠠᠳ ᠣᠯᠠᠨ ᠤ ᠠᠮᠢᠳᠤᠷᠠᠯ ᠳᠤ ᠳᠤᠲᠠᠭᠳᠠᠵᠤ ᠪᠣᠯᠤᠰᠢ ᠦᠭᠡᠢ ︽ᠳᠤᠮᠳᠠᠳᠤ ᠤᠯᠤᠰ ᠤᠨ ᠦᠨᠦᠷ ᠠᠮᠲᠠ︾ ᠪᠣᠯᠵᠣ ᠪᠠᠶᠢᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号