ᠰᠢᠨᠬᠤᠸᠠ ᠬᠤᠷᠢᠶᠠᠨ ᠤ ᠬᠥᠬᠡᠬᠤᠲᠠ ᠶᠢᠨ 4 ᠰᠠᠷ᠎ᠠ ᠶᠢᠨ 10 ᠤ ᠡᠳᠦᠷ ᠤᠨ ᠴᠠᠬᠢᠯᠭᠠᠨ ᠮᠡᠳᠡᠭᠡ ︵ | ᠰᠤᠷᠪᠤᠯᠵᠢᠯᠠᠭᠴᠢ ᠬᠠᠯᠢᠨ᠎ᠠ︶ ᠦᠳᠡ ᠶᠢᠨ ᠡᠮᠦᠨᠡᠬᠢ 7 ᠴᠠᠭ ᠤᠨ ᠦᠶ᠎ᠡ ᠪᠠᠷ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠡᠷᠢᠶᠡᠨ ᠬᠤᠳᠠ ᠶᠢᠨ ᠵᠠᠰᠠᠮᠠᠯ ᠵᠠᠮ ᠤᠨ ᠪᠣᠭᠤᠮᠲᠠ ᠮᠠᠰᠢ ᠬᠦᠷ ᠬᠥᠭᠵᠢᠶᠡᠨ ᠲᠠᠢ ᠪᠠᠶᠢᠵᠤ᠂ ᠮᠣᠩᠭᠤᠯ | ᠤᠯᠤᠰ ᠠᠴᠠ ᠢᠷᠡᠭᠰᠡᠨ ᠪᠠᠷᠠᠭᠠᠨ ᠤ ᠲᠡᠭᠡᠭᠡᠪᠦᠷᠢ ᠶᠢᠨ ᠮᠠᠰᠢᠨ ᠲᠡᠷᠭᠡ ᠡᠮᠬᠢ ᠵᠢᠷᠤᠮ ᠲᠠᠢ ᠪᠠᠷ ᠬᠢᠯᠢ ᠳᠤ ᠣᠷᠣᠬᠤ ᠭᠠᠷ | ᠭᠦᠢᠴᠡᠳᠬᠡᠯ ᠢ ᠭᠦᠢᠴᠡᠳᠬᠡᠪᠡ᠃ | ᠮᠣᠩᠭᠤᠯ ᠤᠯᠤᠰ ᠤᠨ ᠪᠠᠷᠠᠭᠠᠨ ᠤ ᠲᠡᠷᠭᠡ ᠶᠢᠨ ᠵᠢᠯᠣᠭᠤᠴᠢ ᠡᠩᠬᠡᠪᠤᠯᠠᠭ ᠳᠤᠮᠳᠠᠳᠤ ᠮᠣᠩᠭᠤᠯ ᠤᠨ ᠬᠤᠭᠤᠷᠣᠨᠳᠣ | ᠪᠠᠶᠢᠩᠭᠤ ᠢᠷᠡᠵᠦ ᠰᠠᠭᠤᠵᠤ᠂ ᠵᠢᠮᠢᠰ ᠨᠣᠭᠤᠭ᠎ᠠ ᠲᠡᠭᠡᠭᠡᠪᠦᠷᠢᠯᠡᠬᠦ ᠠᠵᠢᠯ ᠬᠢᠵᠦ ᠪᠠᠶᠢᠪᠠ᠃ ︽ᠳᠤᠮᠳᠠᠳᠤ ᠤᠯᠤᠰ ᠤᠨ ᠵᠢᠮᠢᠰ | ᠨᠣᠭᠤᠭ᠎ᠠ ᠰᠢᠨ᠎ᠡ ᠰᠣᠷᠭᠤᠭ ᠠᠮᠲᠠᠲᠠᠢ ᠪᠠᠶᠢᠵᠤ᠂ ᠲᠥᠷᠥᠯ ᠵᠦᠢᠯ ᠨᠢ ᠪᠦᠷᠢᠨ᠂ ᠮᠣᠩᠭᠤᠯ ᠤᠯᠤᠰ ᠲᠤ ᠮᠠᠰᠢ | ᠬᠦᠷᠢᠶᠡᠯᠡᠭᠳᠡᠨ᠎ᠡ︾᠃ ᠡᠩᠬᠡᠪᠣᠯᠣᠳ᠄ ︽ᠦᠩᠭᠡᠷᠡᠭᠰᠡᠨ ᠳᠤ ᠵᠠᠰᠠᠮᠠᠯ ᠵᠠᠮ ᠤᠨ ᠪᠣᠭᠤᠮᠲᠠ ᠪᠠᠷ ᠥᠩᠭᠡᠷᠡᠬᠦ ᠴᠠᠭ | ᠬᠢᠵᠠᠭᠠᠷ ᠲᠠᠢ᠂ ᠲᠡᠷᠭᠡ ᠬᠥᠰᠬᠡ ᠪᠠᠰᠠ ᠣᠯᠠᠨ ᠪᠠᠶᠢᠵᠤ᠂ ᠦᠷᠭᠦᠯᠵᠢ ᠮᠥᠷᠯᠡᠨ ᠬᠦᠯᠢᠶᠡᠵᠦ᠂ ᠣᠲᠣ ᠳᠤᠮᠳᠠᠳᠤ | ᠤᠯᠤᠰ ᠤᠨ ᠬᠤᠳᠠᠯᠳᠤᠭᠠᠴᠢᠨ ᠤᠷᠢᠳᠴᠢᠯᠠᠨ ᠪᠣᠯᠵᠣᠵᠤ᠂ ᠪᠣᠭᠤᠮᠲᠠ ᠳᠤ ᠣᠴᠢᠬᠤ ᠳᠤ ᠦᠨᠳᠦᠰᠦᠨ ᠳᠡᠭᠡᠨ ᠬᠦᠯᠢᠶᠡᠬᠦ | ᠦᠭᠡᠢ ᠪᠠᠷ ᠲᠦᠷᠭᠡᠨ ᠥᠩᠭᠡᠷᠡᠵᠦ᠂ ᠮᠠᠰᠢ ᠣᠯᠠᠨ ᠴᠠᠭ ᠠᠷᠪᠢᠯᠠᠨ᠎ᠠ︾ ᠭᠡᠵᠦ ᠬᠡᠯᠡᠪᠡ᠃ | | | | | 2024 ᠣᠨ ᠤ 9 ᠰᠠᠷ᠎ᠠ ᠶᠢᠨ 11 ᠤ ᠡᠳᠦᠷ ᠥᠪᠥᠷ ᠮᠣᠩᠭᠤᠯ ᠤᠨ ᠡᠷᠢᠶᠡᠨ ᠬᠤᠲᠠ ᠶᠢᠨ ᠵᠠᠰᠠᠮᠠᠯ ᠵᠠᠮ ᠤᠨ | ᠪᠣᠭᠤᠮᠲᠠ ᠳᠤ ᠤᠳᠠᠯ ᠥᠬᠡᠶ ᠬᠢᠯᠢ ᠠᠴᠠ ᠭᠠᠷᠬᠤ ᠭᠡᠵᠦ ᠪᠠᠶᠢᠭ᠎ᠠ ᠮᠣᠩᠭᠤᠯ ᠤᠯᠤᠰ ᠤᠨ ᠪᠠᠷᠠᠭᠠᠨ ᠤ ᠲᠡᠷᠭᠡ᠃ | ︵ ᠰᠢᠨᠬᠤᠸᠠ ᠬᠤᠷᠢᠶᠠᠨ ᠤ ᠰᠣᠷᠪᠤᠯᠵᠢᠯᠠᠬᠴᠢ ᠪᠧᠢ ᠡᡁᠤ ᠰᠠᠭᠦᠲᠠᠷᠯᠠᠪᠠ︶ | | ᠡᠷᠢᠶᠡᠨ ᠬᠤᠲᠠ ᠶᠢᠨ ᠪᠣᠭᠤᠮᠲᠠ ᠪᠣᠯ ᠳᠤᠮᠳᠠᠳᠤ ᠮᠣᠩᠭᠤᠯ ᠤᠨ ᠬᠠᠮᠤᠭ ᠤᠨ ᠶᠡᠭᠡ ᠬᠠᠭᠤᠷᠠᠢ ᠵᠠᠮ ᠤᠨ ᠪᠣᠭᠤᠮᠲᠠ | ᠪᠠᠶᠢᠵᠤ᠂ ᠳᠤᠮᠳᠠᠳᠤ ᠮᠣᠩᠭᠤᠯ ᠤᠨ ᠠᠷᠠᠯᠵᠢᠶᠠᠨ ᠤ 70% ᠠᠴᠠ ᠳᠡᠭᠡᠭᠰᠢᠬᠢ ᠡᠳᠦᠷ ᠲᠤᠲᠤᠮ ᠤᠨ ᠠᠮᠢᠳᠤᠷᠠᠯ ᠤᠨ | ᠬᠡᠷᠡᠭᠰᠡᠯ ᠤᠨ ᠬᠠᠭᠤᠷᠠᠶ ᠵᠠᠮ ᠤᠨ ᠲᠡᠭᠡᠭᠡᠪᠦᠷᠢ ᠶᠢᠨ ᠡᠭᠦᠷᠭᠡ ᠶᠢ ᠡᠭᠦᠷᠭᠡᠯᠡᠵᠦ ᠪᠠᠶᠢᠳᠠᠭ᠃ ᠲᠡᠷᠭᠡ ᠬᠥᠰᠬᠡ ᠶᠢᠨ | ᠪᠣᠭᠤᠮᠲᠠ ᠪᠠᠷ ᠥᠩᠭᠡᠷᠡᠬᠦ ᠳᠤ ᠲᠥᠬᠦᠮ ᠦᠵᠡᠭᠦᠯᠬᠦ ᠶᠢᠨ ᠲᠥᠯᠥᠭᠡ᠂ ᠡᠷᠢᠶᠡᠨ ᠬᠤᠲᠠ ᠶᠢᠨ ᠵᠠᠰᠠᠮᠠᠯ ᠵᠠᠮ ᠤᠨ ᠪᠣᠭᠤᠮᠲᠠ | ᠤᠶᠤᠨᠲᠤ ᠬᠢᠯᠢ ᠶᠢᠨ ᠪᠠᠶᠢᠴᠠᠭᠠᠯᠲᠠ ᠶᠢᠨ ᠪᠥᠲᠥᠭᠡᠨ ᠪᠠᠶᠢᠭᠤᠯᠤᠯᠲᠠ ᠲᠠᠢ ᠤᠶᠠᠯᠳᠤᠭᠤᠯᠤᠨ᠂ ᠲᠠᠸᠠᠷ ᠤᠨ ᠲᠡᠷᠭᠡ ᠶᠢ | ᠤᠷᠢᠳᠴᠢᠯᠠᠨ ᠪᠣᠯᠵᠣᠵᠤ ᠪᠣᠭᠤᠮᠲᠠ ᠪᠠᠷ ᠥᠩᠭᠡᠷᠡᠭᠦᠯᠬᠦ᠂ ᠳᠤᠮᠳᠠᠳᠤ ᠮᠣᠩᠭᠤᠯ ᠤᠨ ᠲᠠᠷᠢᠶᠠᠯᠠᠩ ᠲᠤᠰᠠᠯᠠᠬᠤ ᠠᠵᠤ | ᠠᠬᠤᠶ ᠶᠢᠨ ᠪᠦᠲᠦᠭᠡᠭᠳᠡᠬᠦᠨ ᠤ ᠰᠠᠭᠠᠳ ᠥᠬᠡᠶ ᠨᠡᠪᠲᠡᠷᠡᠬᠦ ᠵᠠᠮ᠂ ᠮᠠᠰᠢᠨ ᠲᠡᠷᠭᠡᠨ ᠤ ᠪᠠᠶᠢᠴᠠᠭᠠᠨ ᠬᠡᠮᠵᠢᠯᠲᠡ ᠶᠢᠨ ᠮᠡᠳᠡᠭᠡ | ᠵᠠᠩᠭᠢᠵᠢᠯᠲᠠ ᠵᠡᠷᠭᠡ ᠪᠣᠭᠤᠮᠲᠠ ᠪᠠᠷ ᠥᠩᠭᠡᠷᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠪᠣᠭᠤᠮᠲᠠ ᠶᠢᠨ ᠤᠶᠤᠨᠴᠢᠯᠠᠭᠰᠠᠨ | ᠪᠣᠭᠤᠮᠲᠠ ᠪᠠᠷ ᠥᠩᠭᠡᠷᠡᠬᠦ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠪᠡ᠃ | ᠡᠨᠡ ᠵᠢᠯ ᠤᠨ ᠨᠢᠭᠡᠳᠦᠭᠡᠷ ᠤᠯᠠᠷᠢᠯ ᠳᠤ᠂ ᠡᠷᠢᠶᠡᠨ ᠬᠤᠲᠠ ᠶᠢᠨ ᠵᠠᠰᠠᠮᠠᠯ ᠵᠠᠮ ᠤᠨ ᠪᠣᠭᠤᠮᠲᠠ ᠶᠢᠨ ᠬᠢᠯᠢ ᠪᠠᠷ | ᠣᠷᠣᠵᠤ ᠭᠠᠷᠬᠤ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ ᠪᠠ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠲᠣᠰ ᠲᠣᠰ | 129.12 ᠲᠦᠮᠡᠨ ᠬᠥᠮᠦᠨ ᠤᠳᠠᠭ᠎ᠠ᠂ 15.9 ᠲᠦᠮᠡᠨ ᠲᠡᠷᠭᠡ ᠤᠳᠠᠭ᠎ᠠ ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ ᠲᠣᠰ ᠲᠣᠰ 164.76% ᠪᠠ 32.99 % ᠪᠠᠷ ᠨᠡᠮᠡᠭᠳᠡᠵᠦ᠂ ᠡᠭᠦᠨ ᠳᠤ ︽8 | ᠲᠡᠷᠭᠡ ᠠᠴᠠ ᠳᠣᠷᠣᠭᠰᠢᠬᠢ ᠵᠢᠵᠢᠭ ᠲᠡᠷᠭᠡ︾ ᠳᠤ ᠰᠠᠭᠤᠵᠤ ᠬᠢᠯᠢ ᠪᠠᠷ ᠣᠷᠣᠵᠤ ᠭᠠᠷᠤᠭᠰᠠᠨ ᠬᠥᠮᠦᠰ 55.6 ᠲᠦᠮᠡᠨ | ᠬᠥᠮᠦᠨ ᠤᠳᠠᠭ᠎ᠠ ᠳᠤ ᠬᠦᠷᠴᠦ᠂ ᠡᠷᠢᠶᠡᠨ ᠬᠤᠲᠠ ᠶᠢᠨ ᠪᠣᠭᠤᠮᠲᠠ ᠶᠢᠨ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ ᠶᠢᠨ | 43% ᠶᠢ ᠡᠵᠡᠯᠡᠪᠡ᠃ | ᠣᠶᠢᠷ᠎ᠠ ᠳᠤ᠂ ᠮᠠᠨᠵᠤᠤᠷ ᠤᠨ ᠰᠠᠨ ᠹᠧᠩ ᠣᠯᠠᠨ ᠤᠯᠤᠰ ᠤᠨ ᠪᠠᠷᠠᠭ᠎ᠠ ᠵᠥᠭᠡᠭᠡᠪᠦᠷᠢᠯᠡᠬᠦ ᠣᠷᠣᠯᠠᠨ ᠭᠦᠢᠴᠡᠳᠭᠡᠬᠦ | ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠠᠷᠢᠭᠤᠴᠠᠯᠭᠠᠲᠠᠨ ᠯᠢᠦᠢ ᠬᠠᠢ ᠶᠠᠨ ᠠᠯᠪᠠᠨ ᠭᠡᠷ ᠪᠣᠯᠤᠨ ᠪᠣᠭᠤᠮᠲᠠ ᠶᠢᠨ | ᠬᠤᠭᠤᠷᠣᠨᠳᠣ ᠶᠠᠭᠠᠷᠠᠯᠳᠣᠵᠦ᠂ ᠧᠦ᠋ᠷᠣᠫᠠ ᠶᠢᠨ ᠨᠢᠭᠡ ᠪᠦᠯᠦᠭ ᠰᠢᠨ᠎ᠡ ᠡᠨᠧᠷᠭᠢ ᠶᠢᠨ ᠴᠠᠬᠢᠯᠭᠠᠨ ᠬᠥᠳᠡᠯᠭᠡᠭᠦᠷᠲᠦ ᠮᠠᠰᠢᠨ | ᠲᠡᠷᠭᠡᠨ ᠤ ᠬᠠᠮᠢᠶ᠎ᠠ ᠪᠦᠬᠦᠢ ᠤᠴᠢᠷ ᠲᠤ ᠵᠣᠯᠭᠠᠵᠤ ᠪᠠᠶᠢᠨ᠎ᠠ᠃ ᠣᠳᠣᠬᠠᠨ ᠳᠤ᠂ ᠰᠢᠨ᠎ᠡ ᠡᠨᠧᠷᠭᠢ ᠶᠢᠨ ᠴᠠᠬᠢᠯᠭᠠᠨ | ᠬᠥᠳᠡᠯᠭᠡᠭᠦᠷᠲᠦ ᠮᠠᠰᠢᠨ ᠲᠡᠷᠭᠡ᠂ ᠯᠢᠲ᠋ᠢ᠂ ᠨᠡᠷᠡᠨ ᠤ ᠡᠨᠧᠷᠭᠢ ᠶᠢᠨ ᠳ᠋ᠢᠶᠠᠨ ᡂᠢ ᠪᠠᠷ ᠲᠥᠯᠥᠭᠡᠯᠡᠭᠦᠯᠦᠭᠰᠡᠨ ᠳᠤᠮᠳᠠᠳᠤ | ᠤᠯᠤᠰ ᠤᠨ ︽ᠰᠢᠨ᠎ᠡ ᠭᠤᠷᠪᠠᠨ ᠵᠠᠭᠪᠤᠷ︾ ᠤᠨ ᠦᠢᠯᠡᠳᠬᠦᠨ ᠤᠯᠠᠨ ᠤᠯᠤᠰ ᠤᠨ ᠵᠠᠬ᠎ᠠ ᠳᠡᠯᠭᠡᠭᠦᠷ ᠲᠤ ᠥᠩᠭᠡ | ᠭᠢᠯᠪᠠᠭ᠎ᠠ ᠪᠠᠨ ᠰᠠᠴᠤᠷᠠᠭᠤᠯᠵᠤ᠂ ᠭᠠᠳᠠᠭᠠᠳᠤ ᠠᠷᠠᠯᠵᠢᠶᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠰᠢᠨ᠎ᠡ | ᠬᠥᠳᠡᠯᠭᠡᠭᠦᠷ ᠪᠣᠯᠤᠭᠰᠠᠨ ᠪᠠᠶᠢᠨ᠎ᠠ᠃ | 2025 ᠣᠨ ᠤ ᠡᠮᠦᠨ᠎ᠡ ᠬᠤᠶᠠᠷ ᠰᠠᠷ᠎ᠠ ᠳᠤ᠂ ᠮᠠᠨᠵᠤᠤᠷ ᠤᠨ ᠵᠠᠰᠠᠮᠠᠯ ᠵᠠᠮ ᠤᠨ ᠪᠣᠭᠤᠮᠲᠠ ᠪᠠᠷ ᠥᠩᠭᠡᠷᠡᠬᠦ ︽ | ᠰᠢᠨ᠎ᠡ ᠭᠤᠷᠪᠠᠨ ᠶᠠᠩᠵᠤ︾ ᠶᠢᠨ ᠦᠢᠯᠡᠳᠬᠦᠨ ᠤ ᠠᠷᠠᠯᠵᠢᠶᠠᠨ ᠤ ᠦᠷᠳᠡᠭ 3832 ᠲᠦᠮᠡᠨ ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 100% ᠨᠡᠮᠡᠭᠳᠡᠵᠦ᠂ ᠬᠦᠴᠦᠷᠬᠡᠭ ᠶᠡᠭᠡ ᠭᠠᠳᠠᠭᠠᠳᠤ ᠠᠷᠠᠯᠵᠢᠶᠠᠨ ᠤ ᠨᠡᠮᠡᠭᠳᠡᠯ ᠤᠨ | ᠬᠥᠳᠡᠯᠭᠡᠬᠦ ᠬᠦᠴᠦᠨ ᠢ ᠢᠯᠡᠷᠡᠭᠦᠯᠪᠡ᠃ | ᠯᠢᠦᠶ ᠬᠠᠢ ᠶᠠᠨ ︽ᠰᠢᠨ᠎ᠡ ᠭᠤᠷᠪᠠᠨ ᠶᠠᠩᠵᠤ︾ ᠶᠢᠨ ᠪᠦᠲᠦᠭᠡᠭᠳᠡᠬᠦᠨ ᠳᠤ ᠢᠲᠡᠭᠡᠯ ᠳᠦᠭᠦᠷᠡᠩ ᠪᠠᠶᠢᠨ᠎ᠠ᠂ ᠲᠡᠷᠡ᠄ | ︽ᠳᠤᠮᠳᠠᠳᠤ ᠤᠯᠤᠰ ᠤᠨ ︿ᠰᠢᠨ᠎ᠡ ᠭᠤᠷᠪᠠᠨ ᠶᠠᠩᠵᠤ﹀ ᠶᠢᠨ ᠦᠢᠯᠡᠳᠬᠦᠨ᠂ ᠶᠠᠰᠤ ᠴᠢᠨᠠᠷ ᠰᠢᠯᠢᠳᠡᠭ᠂ ᠦᠨ᠎ᠡ ᠬᠠᠩᠰᠢ | ᠰᠠᠶᠢᠲᠠᠶ᠂ ᠳᠠᠪᠠᠭᠤᠯᠢᠭ ᠮᠠᠰᠢ ᠢᠯᠡᠷᠬᠡᠶ᠂ ᠡᠭᠦᠨ ᠤ ᠳᠡᠭᠡᠷ᠎ᠡ ᠮᠠᠨᠵᠤᠤᠷ ᠪᠣᠭᠤᠮᠲᠠ ᠶᠢᠨ ᠪᠠᠷᠠᠭᠠᠨ ᠤ ᠭᠦᠢᠯᠭᠡᠭᠡᠨ ᠤ ᠣᠷᠴᠢᠨ | ᠲᠣᠭᠤᠷᠢᠨ ᠪᠠ ᠪᠣᠭᠤᠮᠲᠠ ᠪᠠᠷ ᠥᠩᠭᠡᠷᠡᠬᠦ ᠳᠥᠭᠦᠮ ᠳᠥᠲᠡ ᠵᠠᠭᠪᠤᠷ ᠲᠤ ᠠᠪᠴᠤ ᠬᠡᠯᠡᠪᠡᠯ᠂ ᠣᠳᠣᠬᠠᠨ ᠳᠤ᠂ ᠨᠠᠩ | ᠣᠯᠠᠨ ᠭᠠᠳᠠᠭᠠᠳᠤ ᠶᠢᠨ ᠵᠣᠴᠢᠨ ᠡᠷᠦᠬᠡ ᠰᠠᠨᠠᠭᠠᠴᠢᠯᠠᠭ᠎ᠠ ᠠᠴᠠ ᠪᠠᠨ ᠡᠷᠢᠵᠦ ᠮᠠᠨ ᠤ ᠬᠠᠮᠲᠤᠷᠠᠯᠴᠠᠭᠠᠨ ᠤ ᠬᠠᠨᠢᠲᠠᠨ | ᠪᠣᠯᠤᠭᠰᠠᠨ ᠪᠠᠶᠢᠨ᠎ᠠ︾ ᠭᠡᠵᠡᠶ᠃ | ᠣᠳᠣᠬᠠᠨ ᠳᠤ᠂ ᠮᠠᠨᠵᠤᠤᠷ ᠪᠣᠭᠤᠮᠲᠠ ᠣᠶᠤᠨᠴᠢ ᠪᠣᠭᠤᠮᠲᠠ᠂ ᠳᠣᠬᠢᠭᠤᠷ ᠳᠣᠯᠤᠭ᠎ᠠ ᠳᠠᠭᠠᠭᠤᠯᠢ ᠣᠳᠣᠨ ᠤ ᠪᠠᠶᠢᠷᠢ | ᠲᠣᠭᠲᠠᠭᠠᠯᠲᠠ᠂ 5G ᠶᠢᠨ ᠴᠢᠮᠡᠭᠡ ᠬᠤᠯᠪᠣᠭ᠎ᠠ ᠪᠠ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ ᠵᠡᠷᠭᠡ ᠲᠡᠷᠢᠭᠦᠨ ᠤ | ᠮᠡᠷᠭᠡᠵᠢᠯ ᠳᠤ ᠲᠦᠰᠢᠭᠯᠡᠨ᠂ ︽ᠰᠢᠨ᠎ᠡ ᠭᠤᠷᠪᠠᠨ ᠵᠠᠭᠪᠤᠷ︾ ᠤᠨ ᠦᠢᠯᠡᠳᠬᠦᠨ ᠢ ᠠᠦ᠋ᠲ᠋ᠣ᠋ ᠪᠠᠷ ᠰᠢᠯᠭᠠᠨ ᠥᠩᠭᠡᠷᠡᠭᠦᠯᠬᠦ᠂ | ᠪᠣᠭᠤᠮᠲᠠ ᠪᠠᠷ ᠲᠦᠷᠭᠡᠨ ᠥᠩᠭᠡᠷᠡᠬᠦ ᠶᠢ ᠪᠡᠶᠡᠯᠡᠭᠦᠯᠪᠡ᠃ | | | | | 2024 ᠣᠨ ᠤ 9 ᠰᠠᠷ᠎ᠠ ᠶᠢᠨ 11 ᠤ ᠡᠳᠦᠷ᠂ ᠠᠶᠠᠨᠴᠢᠳ ᠥᠪᠥᠷ ᠮᠣᠩᠭᠤᠯ ᠤᠨ ᠡᠷᠢᠶᠡᠨ ᠬᠤᠲᠠ ᠶᠢᠨ ᠵᠠᠰᠠᠮᠠᠯ | ᠵᠠᠮ ᠤᠨ ᠪᠣᠭᠤᠮᠲᠠ ᠶᠢᠨ ᠬᠠᠮᠲᠤᠷᠠᠨ ᠪᠠᠶᠢᠴᠠᠭᠠᠬᠤ ᠶᠡᠭᠡ ᠲᠢᠩᠬᠢᠮ ᠳᠤ ᠪᠣᠭᠤᠮᠲᠠ ᠪᠠᠷ ᠥᠩᠭᠡᠷᠡᠬᠦ ᠭᠠᠷ ᠭᠦᠢᠴᠡᠳᠬᠡᠯ ᠬᠢᠪᠠ | ᠃ | ︵ᠰᠢᠨᠬᠤᠸᠠ ᠬᠤᠷᠢᠶᠠᠨ ᠤ ᠰᠣᠷᠪᠤᠯᠵᠢᠯᠠᠬᠴᠢ ᠪᠧᠢ ᠡᡁᠤ ᠰᠠᠭᠦᠲᠠᠷᠯᠠᠪᠠ︶ | ᠬᠢᠯᠢ ᠶᠢᠨ ᠪᠣᠭᠤᠮᠲᠠ ᠶᠢᠨ ᠥᠷᠨᠢᠩᠭᠦᠢ ᠬᠥᠭᠵᠢᠯᠲᠡ ᠨᠢ ᠠᠷᠠᠯᠵᠢᠶᠠᠨ ᠤ ᠶᠠᠪᠤᠯᠴᠠᠭ᠎ᠠ ᠶᠢ ᠳᠠᠶᠢᠴᠢᠯᠠᠭᠰᠠᠨ ᠢᠶᠠᠷ | ᠪᠠᠷᠠᠬᠤ ᠦᠭᠡᠢ ᠪᠠᠰᠠ ᠳᠤᠮᠳᠠᠳᠤ ᠭᠠᠳᠠᠭᠠᠳᠤ ᠶᠢᠨ ᠠᠷᠠᠳ ᠤᠨ ᠰᠣᠯᠢᠯᠴᠠᠭ᠎ᠠ ᠶᠢ ᠠᠬᠢᠭᠤᠯᠤᠭᠰᠠᠨ ᠪᠠᠶᠢᠨ᠎ᠠ᠃ ᠣᠶᠢᠷ᠎ᠠ ᠶᠢᠨ | ᠡᠳᠦᠷ ᠤᠳ ᠲᠤ᠂ ᠡᠷᠢᠶᠡᠨ ᠬᠤᠲᠠ ᠶᠢᠨ ᠪᠣᠭᠤᠮᠲᠠ ᠶᠢᠨ ᠬᠢᠯᠢ ᠪᠠᠷ ᠣᠷᠣᠵᠤ ᠭᠠᠷᠬᠤ ᠶᠡᠭᠡ ᠲᠢᠩᠬᠢᠮ ᠳᠤ ᠬᠥᠮᠦᠨ ᠬᠠᠷ᠎ᠠ | ᠬᠤᠷᠠᠨ ᠴᠤᠭᠯᠠᠷᠠᠵᠤ᠂ ᠬᠥᠷ ᠬᠥᠭᠵᠢᠶᠡᠨ ᠢᠶᠠᠷ ᠪᠢᠯᠬᠠᠵᠤ ᠪᠠᠶᠢᠪᠠ᠃ ᠮᠣᠩᠭᠤᠯ ᠤᠯᠤᠰ ᠤᠨ ᠬᠢᠯᠢ ᠳᠤ ᠣᠷᠣᠬᠤ | ᠵᠢᠭᠤᠯᠴᠢᠯᠠᠯ ᠤᠨ ᠪᠦᠯᠬᠦᠮ ᠲᠠᠰᠤᠷᠠᠯᠲᠠ ᠦᠭᠡᠢ ᠣᠯᠠᠰᠢᠷᠠᠵᠤ ᠪᠠᠶᠢᠨ᠎ᠠ᠃ |