| | 4 ᠰᠠᠷ᠎ᠠ ᠶᠢᠨ 11 ᠤ ᠡᠳᠦᠷ ᠤᠨ ᠥᠷᠯᠥᠭᠡ᠂ ᠶᠣᠰᠣᠯᠠᠯ ᠤᠨ ᠫᠤᠤ ᠵᠡᠷᠭᠡᠪᠡᠷ ᠳᠤᠤᠭᠠᠷᠬᠤ ᠶᠢ ᠳᠠᠭᠠᠯᠳᠤᠨ᠂ ᠮᠠᠨ ᠤ | ᠬᠤᠲᠠ ᠶᠢᠨ ᠢᠯᠴᠢ ᠴᠠᠬᠢᠯᠭᠠᠨ ᠤ ᠬᠤᠯᠪᠣᠭᠠᠯᠠᠨ ᠦᠢᠯᠡᠳᠪᠦᠷᠢᠯᠡᠵᠦ ᠲᠥᠪᠯᠡᠷᠡᠭᠦᠯᠦᠨ ᠢᠯᠴᠢ ᠬᠠᠩᠭᠠᠬᠤ ᠲᠥᠷᠥᠯ | ᠵᠦᠢᠯ ᠤᠨ ᠪᠠᠷᠢᠯᠭ᠎ᠠ ᠶᠢᠨ ᠲᠤᠬᠠᠶ ᠶᠢᠨ ᠲᠠᠯᠠᠪᠠᠶ ᠳᠤ ᠭᠦᠸᠧᠯᠦ ᠶᠢ ᠳᠡᠭᠦᠵᠢᠯᠡᠨ ᠤᠭᠰᠠᠷᠠᠬᠤ ᠶᠣᠰᠣᠯᠠᠯ ᠶᠠᠪᠤᠭᠤᠯᠵᠤ᠂ ᠡᠨᠡ | ᠬᠦ ᠡᠨᠧᠷᠭᠢ ᠶᠢᠨ ᠰᠠᠭᠤᠷᠢ ᠲᠥᠬᠦᠭᠡᠷᠦᠮᠵᠢ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠰᠢᠨ᠎ᠡ ᠱᠠᠲᠤᠨ ᠳᠤ | ᠣᠷᠣᠭᠰᠠᠨ ᠢ ᠬᠠᠷᠠᠭᠤᠯᠵᠤ ᠪᠠᠶᠢᠨ᠎ᠠ᠃ | ᠣᠶᠢᠷ᠎ᠠ ᠶᠢᠨ ᠡᠳᠦᠷ ᠤᠳ ᠲᠤ᠂ ᠮᠠᠨ ᠤ ᠬᠤᠲᠠ ᠶᠢᠨ ᠢᠯᠴᠢ ᠴᠠᠬᠢᠯᠭᠠᠨ ᠤ ᠬᠠᠮᠲᠤᠷᠠᠨ ᠦᠢᠯᠡᠳᠪᠦᠷᠢᠯᠡᠵᠦ ᠢᠯᠴᠢ | ᠬᠠᠩᠭᠠᠬᠤ ᠲᠥᠷᠥᠯ ᠵᠦᠢᠯ ᠤᠨ ᠪᠠᠷᠢᠯᠭ᠎ᠠ ᠶᠢᠨ ᠲᠤᠬᠠᠶ ᠶᠢᠨ ᠲᠠᠯᠠᠪᠠᠶ ᠳᠤ ᠬᠥᠷ ᠬᠥᠭᠵᠢᠶᠡᠨ ᠲᠠᠢ ᠠᠭᠤᠷ ᠠᠮᠢᠰᠬᠤᠯ ᠢᠶᠠᠷ | ᠪᠢᠯᠬᠠᠵᠤ᠂ ᠰᠤᠪᠤᠷᠭᠠᠨ ᠳᠡᠭᠦᠵᠢᠯᠡᠭᠦᠷ ᠬᠥᠳᠡᠯᠭᠡᠭᠡᠨᠲᠦ ᠣᠷᠳᠣ ᠭᠠᠷ ᠢᠶᠠᠷ ᠪᠠᠷᠢᠯᠭ᠎ᠠ ᠶᠢᠨ ᠮᠠᠲ᠋ᠧᠷᠢᠶᠠᠯ ᠢ ᠲᠡᠭᠡᠭᠡᠪᠦᠷᠢᠯᠡᠨ | ᠬᠦᠷᠭᠡᠵᠦ᠂ ᠲᠠᠭᠤᠨ ᠭᠠᠩᠨᠠᠬᠤ᠂ ᠬᠡᠷᠴᠢᠬᠦ ᠲᠠᠭᠤᠨ ᠲᠠᠰᠤᠷᠠᠯᠲᠠ ᠥᠬᠡᠶ ᠰᠣᠨᠣᠰᠳᠠᠵᠤ᠂ ᠪᠠᠷᠢᠯᠭ᠎ᠠ ᠶᠢᠨ ᠲᠡᠷᠭᠡ | ᠲᠠᠰᠤᠷᠠᠯᠲᠠ ᠥᠬᠡᠶ ᠰᠦᠯᠵᠢᠯᠳᠦᠪᠡ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠢᠭᠡᠴᠡ ᠶᠠᠭ ᠴᠠᠭ | ᠮᠥᠴᠡ ᠶᠢ ᠠᠮᠵᠢᠨ ᠪᠠᠷᠢᠯᠭ᠎ᠠ ᠶᠢᠨ ᠬᠤᠭᠤᠴᠠᠭ᠎ᠠ ᠶᠢ ᠠᠳᠬᠤᠵᠤ᠂ ᠮᠠᠨ ᠤ ᠬᠤᠲᠠ ᠶᠢᠨ ᠢᠯᠴᠢ ᠴᠠᠬᠢᠯᠭᠠᠨ ᠤ ᠬᠠᠮᠲᠤᠷᠠᠨ | ᠦᠢᠯᠡᠳᠪᠦᠷᠢᠯᠡᠬᠦ ᠲᠥᠪᠯᠡᠷᠡᠭᠦᠯᠦᠨ ᠢᠯᠴᠢ ᠬᠠᠩᠭᠠᠬᠤ ᠲᠥᠷᠥᠯ ᠵᠦᠢᠯ ᠢ ᠪᠦᠲᠦᠭᠡᠨ ᠪᠠᠶᠢᠭᠤᠯᠵᠤ ᠪᠠᠶᠢᠨ᠎ᠠ᠃ | ᠢᠯᠴᠢ ᠴᠠᠬᠢᠯᠭᠠᠨ ᠤ ᠬᠤᠯᠪᠣᠭᠠᠯᠠᠨ ᠦᠢᠯᠡᠳᠪᠦᠷᠢᠯᠡᠵᠦ ᠢᠯᠴᠢ ᠬᠠᠩᠭᠠᠬᠤ ᠲᠥᠷᠥᠯ ᠵᠦᠢᠯ ᠪᠣᠯ ᠮᠠᠨ ᠤ | ᠬᠤᠲᠠ ᠶᠢᠨ ᠭᠤᠤᠯᠳᠠᠯᠭ᠎ᠠ ᠲᠠᠢ ᠠᠷᠠᠳ ᠤᠨ ᠠᠮᠢᠳᠤᠷᠠᠯ ᠤᠨ ᠲᠥᠷᠥᠯ ᠵᠦᠢᠯ ᠤᠨ ᠨᠢᠭᠡ ᠪᠣᠯᠤᠨ᠎ᠠ᠃ ᠡᠨᠡ ᠵᠢᠯ ᠤᠨ 3 | ᠳ᠋ᠤᠭᠠᠷ ᠰᠠᠷ᠎ᠠ ᠶᠢᠨ ᠬᠤᠷᠢᠳ ᠢᠶᠠᠷ ᠠᠵᠢᠯ ᠢᠶᠠᠨ ᠰᠡᠷᠭᠦᠭᠡᠭᠰᠡᠨ ᠠᠴᠠ ᠨᠠᠰᠢ᠂ ᠲᠥᠷᠥᠯ ᠵᠦᠢᠯ ᠨᠢ ᠣᠯᠠᠨ ᠵᠠᠩᠭᠢᠯᠠᠭ᠎ᠠ ᠶᠢᠨ | ᠬᠦᠷᠢᠶᠡᠨ ᠳᠤ ᠰᠢᠪᠲᠤᠯᠤᠯᠲᠠ ᠬᠢᠵᠦ᠂ ᠭᠤᠤᠯ ᠦᠢᠯᠡᠳᠪᠦᠷᠢ ᠶᠢᠨ ᠭᠡᠷ ᠪᠠᠶᠢᠰᠢᠩ᠂ ᠭᠠᠵᠠᠷ ᠳᠣᠤᠷᠠᠬᠢ ᠨᠡᠭᠦᠷᠡᠰᠦᠨ | ᠬᠤᠩᠭᠢᠯ᠂ ᠮᠠᠲ᠋ᠧᠷᠢᠶᠠᠯ ᠤᠨ ᠬᠥᠮᠥᠷᠭᠡ᠂ ᠠᠶᠤᠯᠲᠠᠶ ᠬᠠᠶᠠᠭᠳᠠᠮᠠᠯ ᠪᠣᠳᠠᠰ ᠤᠨ ᠲᠠᠰᠤᠭ ᠵᠢᠴᠢ ᠬᠤᠶᠠᠷ ᠵᠤᠤᠬ᠎ᠠ ᠶᠢᠨ | ᠰᠠᠭᠤᠷᠢ ᠪᠥᠲᠥᠭᠡᠨ ᠪᠠᠶᠢᠭᠤᠯᠤᠯᠲᠠ ᠶᠢ ᠨᠢᠭᠡᠨᠲᠡ ᠪᠡᠶᠡᠯᠡᠭᠦᠯᠪᠡ᠃ ᠣᠳᠣᠬᠠᠨ ᠳᠤ ᠶᠠᠭ 1᠂ 2 ᠳ᠋ᠤᠭᠠᠷ ᠨᠣᠮᠧᠷᠲᠤ | ᠭᠦᠸᠧᠯᠦ ᠶᠢᠨ ᠪᠣᠯᠣᠳ ᠵᠢᠶᠠᠰᠠ ᠶᠢ ᠤᠭᠰᠠᠷᠠᠵᠤ ᠪᠠᠶᠢᠨ᠎ᠠ᠃ | ᠢᠯᠴᠢ ᠴᠠᠬᠢᠯᠭᠠᠨ ᠤ ᠬᠠᠮᠲᠤᠷᠠᠨ ᠦᠢᠯᠡᠳᠪᠣᠷᠢᠯᠡᠵᠦ ᠢᠯᠴᠢ ᠬᠠᠩᠭᠠᠬᠤ ᠲᠥᠷᠥᠯ ᠵᠦᠢᠯ ᠤᠨ ᠭᠦᠸᠧᠯᠦ | ᠤᠭᠰᠠᠷᠠᠬᠤ ᠳᠤ ᠬᠢᠨᠠᠯᠲᠠ ᠲᠠᠯᠪᠢᠬᠤ ᠬᠠᠷᠢᠭᠤᠴᠠᠯᠭᠠᠲᠠᠨ ᠰᠢᠤᠢ ᡁᠢ ᠴᠢᠶᠠᠩ᠄ ︽ᠮᠠᠨ ᠤ ᠵᠠᠩᠭᠢᠯᠠᠭ᠎ᠠ ᠶᠢᠨ ᠴᠡᠭ ᠢᠶᠠᠷ᠂ | ᠥᠨᠥᠳᠦᠷ ᠵᠤᠤᠬ᠎ᠠ ᠶᠢᠨ ᠭᠤᠤᠯ ᠴᠣᠭᠴᠠ ᠶᠢᠨ ᠪᠣᠯᠣᠳ ᠵᠢᠶᠠᠰᠠ ᠶᠢ ᠤᠭᠰᠠᠷᠠᠵᠤ᠂ 8 ᠰᠠᠷ᠎ᠠ ᠶᠢᠨ 20 ᠤ ᠡᠳᠦᠷ ᠠᠴᠠ | ᠤᠰᠤᠨ ᠳᠠᠷᠤᠯᠲᠠ ᠶᠢᠨ ᠲᠤᠷᠰᠢᠯᠲᠠ ᠶᠢ ᠡᠬᠢᠯᠡᠭᠦᠯᠵᠦ᠂ ᠵᠢᠱᠢᠯᠲᠡ ᠪᠠᠷ ᠡᠨᠡ ᠵᠢᠯ ᠤᠨ 11 ᠰᠠᠷ᠎ᠠ ᠳᠤ ᠲᠤᠷᠰᠢᠨ | ᠠᠵᠢᠯᠯᠠᠭᠤᠯᠬᠤ ᠪᠣᠯᠤᠨ᠎ᠠ᠃ ᠮᠠᠨ ᠤ ᠡᠨᠡ ᠬᠦ ᠠᠵᠢᠯ ᠤᠨ ᠵᠠᠩᠭᠢᠯᠠᠭ᠎ᠠ ᠶᠢᠨ ᠴᠡᠭ ᠨᠢᠭᠡᠪᠦᠷᠢ ᠶᠢ ᠴᠥᠮ ᠭᠠᠷᠠᠭ ᠪᠠ ᠰᠠᠷ᠎ᠠ ᠳᠤ | ᠬᠤᠪᠢᠶᠠᠵᠤ᠂ ᠤᠷᠤᠭᠰᠢ ᠠᠬᠢᠭᠤᠯᠵᠤ᠂ ᠪᠣᠶ ᠪᠥᠬᠦᠶ ᠵᠠᠩᠭᠢᠯᠠᠭ᠎ᠠ ᠶᠢᠨ ᠴᠡᠭ ᠢ ᠴᠠᠭ ᠲᠤᠬᠠᠶ ᠳᠤᠨᠢ ᠴᠠᠭ ᠲᠤᠬᠠᠶ ᠳᠤᠨᠢ | ᠪᠡᠶᠡᠯᠡᠭᠦᠯᠬᠦ ᠶᠢ ᠪᠠᠲᠤᠯᠠᠨ᠎ᠠ︾ ᠭᠡᠵᠡᠶ᠃ | ᠢᠯᠴᠢ ᠴᠠᠬᠢᠯᠭᠠᠨ ᠢ ᠬᠤᠯᠪᠣᠭᠠᠯᠠᠨ ᠦᠢᠯᠡᠳᠪᠦᠷᠢᠯᠡᠬᠦ ᠨᠢ ᠨᠢᠭᠡ ᠵᠦᠢᠯ ᠤᠨ ᠢᠯᠴᠢ ᠶᠢᠨ ᠡᠨᠧᠷᠭᠢ ᠪᠠ ᠴᠠᠬᠢᠯᠭᠠᠨ | ᠡᠨᠧᠷᠭᠢ ᠶᠢ ᠬᠠᠮᠵᠢᠯᠴᠠᠨ ᠦᠢᠯᠡᠳᠪᠦᠷᠢᠯᠡᠬᠦ ᠥᠨᠳᠥᠷ ᠪᠦᠲᠦᠮᠵᠢᠲᠡᠶ ᠡᠨᠧᠷᠭᠢ ᠶᠢᠨ ᠵᠠᠭᠪᠤᠷ ᠪᠣᠯᠤᠭᠰᠠᠨ ᠤ ᠬᠤᠪᠢ ᠳᠤ᠂ | ᠰᠢᠲᠠᠭᠠᠯᠭ᠎ᠠ ᠶᠢᠨ ᠠᠰᠢᠭᠯᠠᠯᠲᠠ ᠶᠢᠨ ᠨᠣᠷᠮ᠎ᠠ ᠶᠢ ᠢᠯᠡᠳᠲᠡ ᠳᠡᠭᠡᠭᠰᠢᠯᠡᠭᠦᠯᠵᠦ ᠴᠢᠳᠠᠨ᠎ᠠ᠃ ᠤᠯᠠᠮᠵᠢᠯᠠᠯᠲᠤ ᠲᠠᠷᠠᠬᠠᠢ | ᠪᠤᠲᠠᠷᠬᠠᠢ ᠢᠯᠴᠢ ᠬᠠᠩᠭᠠᠬᠤ ᠠᠷᠭ᠎ᠠ ᠮᠠᠶ᠋ᠢᠭ ᠲᠠᠢ ᠬᠠᠷᠢᠴᠠᠭᠤᠯᠪᠠᠯ᠂ ᠢᠯᠴᠢ ᠴᠠᠬᠢᠯᠭᠠᠨ ᠤ ᠬᠤᠯᠪᠣᠭᠠᠯᠠᠨ | ᠦᠢᠯᠡᠳᠪᠦᠷᠢᠯᠡᠬᠦ ᠨᠢ ᠡᠨᠧᠷᠭᠢ ᠶᠢᠨ ᠬᠤᠷᠣᠭᠳᠠᠯ ᠢ ᠪᠠᠭᠠᠰᠬᠠᠭᠰᠠᠨ ᠢᠶᠠᠷ ᠪᠠᠷᠠᠬᠤ ᠦᠭᠡᠢ᠂ ᠨᠡᠩ ᠴᠤ ᠠᠭᠠᠷ ᠮᠠᠨᠳᠠᠯ ᠤᠨ | ᠪᠣᠬᠢᠷᠲᠤᠯ ᠢ ᠪᠦᠲᠦᠮᠵᠢᠲᠡᠶ ᠪᠠᠭᠤᠷᠠᠭᠤᠯᠵᠤ᠂ ᠪᠣᠬᠢᠷᠲᠤᠯ ᠦᠭᠡᠢ ᠡᠨᠧᠷᠭᠢ ᠶᠢᠨ ᠬᠥᠭᠵᠢᠯᠲᠡ ᠶᠢᠨ ᠴᠢᠬᠤᠯᠠ ᠴᠢᠭᠯᠡᠯ | ᠪᠣᠯᠤᠨ᠎ᠠ᠃ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠮᠠᠨ ᠤ | ᠬᠤᠲᠠ ᠶᠢᠨ ᠤᠤᠯ ᠤᠨ ᠪᠠᠶᠢᠭᠰᠠᠨ ᠣᠷᠣᠨ ᠪᠦᠰᠡ ᠶᠢᠨ ᠨᠡᠭᠦᠷᠡᠰᠦ ᠰᠢᠲᠠᠭᠠᠬᠤ ᠭᠦᠸᠧᠯᠦ ᠶᠢᠨ ᠢᠯᠴᠢ ᠬᠠᠩᠭᠠᠬᠤ | ᠰᠢᠰᠲ᠋ᠧᠮ ᠢ ᠪᠥᠬᠦ ᠲᠠᠯ᠎ᠠ ᠪᠠᠷ ᠣᠷᠣᠯᠠᠭᠤᠯᠵᠤ᠂ 850 ᠲᠦᠮᠡᠨ ᠲᠡᠭᠰᠢ ᠳᠥᠷᠪᠡᠯᠵᠢᠨ ᠮᠧᠲᠷ ᠤᠨ ᠢᠯᠴᠢ ᠬᠠᠩᠭᠠᠬᠤ | ᠬᠡᠷᠡᠭᠴᠡᠭᠡ ᠶᠢ ᠬᠠᠩᠭᠠᠬᠤ ᠪᠣᠯᠤᠨ᠎ᠠ᠃ ᠡᠨᠡ ᠨᠢ ᠮᠠᠨ ᠤ ᠬᠤᠲᠠ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠲᠦᠢᠯ ᠤᠨ | ᠶᠡᠭᠡ ᠪᠠᠷ ᠰᠠᠶᠢᠵᠢᠷᠠᠭᠤᠯᠵᠤ᠂ ᠨᠡᠭᠦᠷᠡᠰᠦ ᠰᠢᠲᠠᠭᠠᠵᠤ ᠢᠯᠴᠢ ᠬᠠᠩᠭᠠᠬᠤ ᠠᠴᠠ ᠪᠣᠯᠤᠭᠰᠠᠨ ᠪᠣᠬᠢᠷᠲᠤᠯ ᠪᠣᠳᠠᠰ ᠤᠨ | ᠭᠠᠳᠠᠭᠰᠢᠯᠠᠭᠤᠯᠤᠯᠲᠠ ᠶᠢ ᠪᠠᠭᠠᠰᠬᠠᠬᠤ ᠪᠠᠷ ᠪᠠᠷᠠᠬᠤ ᠥᠬᠡᠶ ᠪᠠᠰᠠ ᠢᠯᠴᠢ ᠬᠠᠩᠭᠠᠬᠤ ᠶᠠᠰᠤ ᠴᠢᠨᠠᠷ ᠢ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠬᠤᠲᠠ ᠶᠢᠨ ᠠᠷᠠᠳ ᠲᠤ ᠨᠠᠩ ᠲᠣᠭᠲᠠᠭᠤᠨ᠂ ᠨᠠᠩ ᠲᠠᠭᠠᠯᠠᠮᠵᠢᠲᠠᠶ ᠢᠯᠴᠢ ᠬᠠᠩᠭᠠᠬᠤ ᠦᠢᠯᠡᠴᠢᠯᠡᠭᠡ | ᠬᠠᠩᠭᠠᠵᠤ᠂ ᠬᠤᠲᠠ ᠶᠢᠨ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠳᠤ ᠬᠦᠴᠦᠨ ᠨᠡᠮᠡᠷᠢᠯᠡᠬᠦ | ᠪᠣᠯᠤᠨ᠎ᠠ᠃ |