| | ᠶᠡᠷᠦᠩᠬᠡᠢ ᠱᠦᠵᠢ ᠰᠢ ᠶᠢᠨ ᠫᠢᠩ ᠤᠨ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠪᠠ ︽ᠭᠤᠷᠪᠠᠨ | ᠤᠮᠠᠷᠠᠲᠤ︾ ᠶᠢᠨ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ | ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢᠨ ᠳᠣᠯᠠᠳᠠ᠂ 4 ᠰᠠᠷ᠎ᠠ ᠶᠢᠨ 10 ᠤ ᠡᠳᠦᠷ᠂ ᠮᠠᠨ ᠤ ᠬᠤᠲᠠ 2025 ᠣᠨ ᠤ ︽ᠭᠤᠷᠪᠠᠨ | ᠤᠮᠠᠷᠠᠲᠤ︾ ᠶᠢᠨ ᠢᠨᠵᠧᠨᠧᠷᠢᠩ ᠤᠨ ᠲᠥᠷᠥᠯ ᠵᠦᠢᠯ ᠢ ᠬᠦᠭᠵᠢᠯᠳᠣᠶᠠᠭ᠎ᠠ ᠭᠠᠴᠠᠭ᠎ᠠ ᠳᠤ ᠡᠬᠢᠯᠡᠭᠦᠯᠵᠦ᠂ ᠬᠤᠯᠠᠨ ᠰᠢᠷᠭ᠎ᠠ | ᠲᠠᠭ᠎ᠠ ᠶᠢᠨ ᠡᠯᠡᠰᠦ ᠶᠢ ᠤᠰᠠᠳᠬᠠᠬᠤ ᠳᠠᠶᠢᠨ ᠢᠶᠠᠷ ᠭᠤᠣᠯ ᠪᠣᠯᠭᠠᠵᠤ᠂ ᠤᠮᠠᠷᠠᠲᠤ ᠶᠢᠨ ᠠᠮᠢ ᠠᠬᠤᠢ ᠶᠢᠨ ᠠᠮᠤᠷ | ᠲᠦᠪᠰᠢᠨ ᠤ ᠬᠠᠯᠬᠠᠪᠴᠢ ᠶᠢ ᠪᠥᠬᠦ ᠬᠦᠴᠦᠨ ᠢᠶᠠᠷ ᠢᠶᠠᠨ ᠪᠠᠲᠤ ᠴᠣᠭᠴᠠᠯᠠᠪᠠ᠃ | ᠲᠤᠬᠠᠢ ᠶᠢᠨ ᠲᠠᠯᠠᠪᠠᠢ ᠳᠤ᠂ ᠤᠯᠠᠨ ᠢᠶᠠᠷ ᠢᠶᠠᠨ ᠡᠷᠴᠢ ᠵᠣᠷᠢᠭ ᠲᠡᠭᠦᠯᠳᠡᠷ ᠪᠠᠶᠢᠵᠤ᠂ ᠫᠢᠺᠠ ᠮᠠᠰᠢᠨ ᠵᠡᠷᠭᠡ | ᠲᠥᠬᠦᠭᠡᠷᠦᠮᠵᠢ ᠶᠢ ᠠᠰᠢᠭᠯᠠᠨ ᠲᠡᠮᠦᠷ ᠲᠣᠣᠷ ᠳᠡᠪᠢᠰᠪᠡ᠃ ᠠᠴᠢᠶᠠᠯᠠᠬᠤ ᠮᠠᠰᠢᠨ᠂ ᠬᠤᠳᠬᠤᠭᠤᠷ ᠲᠡᠷᠭᠡ ᠵᠡᠷᠭᠡ ᠮᠠᠰᠢᠨ | ᠮᠧᠬᠠᠨᠢᠭ ᠬᠡᠰᠡᠭ ᠬᠡᠰᠡᠭ ᠬᠦᠩᠭᠢᠨᠡᠮ᠎ᠡ ᠳᠠᠭᠤᠨ ᠭᠠᠷᠴᠤ᠂ ᠲᠠᠷᠢᠶᠠᠴᠢᠨ ᠠᠶᠢᠯ ᠤᠨ ᠪᠤᠷᠳᠤᠭᠤᠷ ᠢ ᠳᠡᠪᠢᠰᠴᠦ᠂ | ᠳᠠᠷᠠᠭᠠᠴᠢ ᠶᠢᠨ ᠲᠠᠷᠢᠬᠤ ᠶᠠᠪᠤᠴᠠ ᠳᠤ ᠰᠠᠭᠤᠷᠢ ᠲᠠᠯᠪᠢᠪᠠ᠃ | 2025 ᠣᠨ ᠳᠤ᠂ ᠮᠠᠨ ᠤ ᠬᠤᠲᠠ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ ᠤᠰᠠᠳᠬᠠᠬᠤ | ᠳᠠᠶᠢᠯᠠᠯᠳᠤᠭᠠᠨ ᠤ ᠭᠤᠤᠯ ᠬᠠᠷᠠᠯᠲᠠ ᠶᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠤᠯᠳᠠᠯᠭ᠎ᠠ ᠲᠠᠢ | ᠲᠥᠷᠥᠯ ᠵᠦᠢᠯ ᠪᠠ ᠬᠡᠷᠡᠯ ᠴᠡᠨᠡᠭ ᠢᠶᠠᠷ ᠡᠯᠡᠰᠦ ᠶᠢ ᠵᠠᠰᠠᠬᠤ ᠪᠠᠷ ᠭᠠᠷᠳᠠᠴᠠ ᠪᠣᠯᠭᠠᠵᠤ᠂ ︽ᠭᠤᠷᠪᠠᠨ ᠤᠮᠠᠷᠠᠲᠤ︾ ᠶᠢᠨ | ᠵᠢᠷᠭᠤᠳᠤᠭᠠᠷ ᠬᠤᠭᠤᠴᠠᠭᠠᠨ ᠤ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠡᠯᠡᠰᠦᠷᠬᠡᠭᠵᠢᠭᠰᠡᠨ ᠭᠠᠵᠠᠷ ᠰᠢᠷᠣᠶ ᠶᠢ | ᠶᠡᠷᠦᠩᠬᠡᠶᠢᠯᠡᠨ ᠵᠠᠰᠠᠬᠤ ᠵᠠᠯᠭᠠᠮᠵᠢ ᠢᠨᠵᠧᠨᠧᠷᠢᠩ ᠵᠢᠴᠢ ᠰᠢᠨ᠎ᠡ ᠪᠠᠷ ᠠᠵᠢᠯ ᠡᠬᠢᠯᠡᠭᠦᠯᠬᠦ ᠡᠭᠦᠷᠭᠡ ᠶᠢ 92.06 ᠲᠦᠮᠡᠨ ᠮᠥ | ᠪᠡᠶᠡᠯᠡᠭᠦᠯᠵᠦ᠂ ᠨᠡᠶᠢᠲᠡ 32479 ᠲᠦᠮᠡᠨ ᠲᠥᠭᠦᠷᠢᠭ ᠤᠨ ᠪᠠᠯᠠ ᠣᠷᠣᠭᠤᠯᠤᠨ᠎ᠠ᠃ ᠣᠶ ᠰᠢᠭᠤᠶ ᠡᠪᠡᠰᠦ ᠪᠡᠯᠴᠢᠭᠡᠷ | ᠨᠤᠭᠤ ᠭᠠᠵᠠᠷ ᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠡᠷᠭᠦᠭᠡᠬᠦ ᠲᠥᠷᠥᠯ ᠵᠦᠢᠯ ᠢ ᠬᠡᠷᠡᠭᠵᠢᠭᠦᠯᠵᠦ᠂ ᠣᠶ ᠰᠢᠭᠤᠶ | ᠪᠠ ᠨᠤᠲᠤᠭ ᠪᠡᠯᠴᠢᠭᠡᠷ ᠤᠨ ᠶᠠᠰᠤ ᠴᠢᠨᠠᠷ ᠢ 162.72 ᠲᠦᠮᠡᠨ ᠮᠥ ᠪᠠᠬᠢᠵᠢᠭᠦᠯᠦᠨ ᠳᠡᠭᠡᠭᠰᠢᠯᠡᠭᠦᠯᠵᠦ᠂ ᠶᠡᠷᠦᠩᠬᠡᠶ ᠪᠠᠯᠠ | ᠣᠷᠣᠭᠤᠯᠤᠯᠲᠠ ᠨᠢ 37688 ᠲᠦᠮᠡᠨ ᠲᠥᠭᠦᠷᠢᠭ ᠪᠠᠶᠢᠵᠤ᠂ ᠡᠭᠦᠨ ᠳᠤ ᠣᠶ ᠰᠢᠭᠤᠶ ᠶᠢ 0.12 ᠲᠦᠮᠡᠨ ᠮᠥ ᠰᠡᠯᠪᠢᠨ | ᠵᠠᠰᠠᠵᠤ᠂ ᠳᠤᠮᠳᠠ ᠨᠢᠯᠬ᠎ᠠ ᠣᠶ ᠶᠢ 0.6 ᠲᠦᠮᠡᠨ ᠮᠥ ᠠᠷᠠᠴᠢᠯᠠᠨ ᠪᠤᠶᠢᠵᠢᠭᠤᠯᠵᠤ᠂ ᠮᠠᠭᠤᠵᠢᠷᠠᠭᠰᠠᠨ ᠨᠤᠲᠤᠭ ᠪᠡᠯᠴᠢᠭᠡᠷ ᠢ | 162 ᠲᠦᠮᠡᠨ ᠮᠥ ᠵᠠᠰᠠᠨ ᠰᠡᠷᠭᠦᠭᠡᠪᠡ᠃ 34 ᠲᠦᠮᠡᠨ ᠮᠥ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠨᠢᠭᠡ | ᠴᠣᠭᠴᠠᠵᠢᠭᠰᠠᠨ ᠢᠨᠵᠧᠨᠧᠷᠢᠩ ᠤᠨ ᠡᠯᠡᠰᠦ ᠶᠢ ᠵᠠᠰᠠᠬᠤ ᠲᠥᠷᠥᠯ ᠵᠦᠢᠯ ᠢ ᠭᠠᠴᠠᠭ᠎ᠠ ᠲᠣᠰᠬᠤᠨ ᠤ ᠬᠠᠮᠲᠤ ᠶᠢᠨ ᠠᠵᠤ | ᠠᠬᠤᠢ ᠶᠢᠨ ᠬᠤᠪᠢ ᠣᠷᠣᠭᠤᠯᠤᠭᠰᠠᠨ 4 ᠬᠤᠷᠰᠢᠶ᠎ᠠ ᠠᠴᠠ ᠵᠠᠯᠭᠠᠨ ᠬᠡᠷᠡᠭᠵᠢᠭᠦᠯᠵᠦ᠂ ᠨᠡᠶᠢᠲᠡ 10269 ᠲᠦᠮᠡᠨ | ᠲᠥᠭᠦᠷᠢᠭ ᠤᠨ ᠪᠡᠯᠡ ᠣᠷᠣᠭᠤᠯᠵᠠᠢ᠃ | ᠬᠡᠷᠡᠭᠵᠢᠭᠦᠯᠬᠦ ᠶᠠᠪᠤᠴᠠ ᠳᠤ᠂ ᠮᠠᠯᠴᠢᠨ ᠲᠠᠷᠢᠶᠠᠴᠢᠨ ᠲᠦᠮᠡᠨ ᠢ ᠢᠳᠡᠪᠬᠢᠲᠡᠶ ᠤᠬᠠᠭᠤᠯᠤᠨ ᠳᠠᠶᠢᠴᠢᠯᠠᠵᠤ ᠪᠠᠶᠢᠭᠠᠳ | ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠳᠤ ᠣᠷᠣᠯᠴᠠᠭᠤᠯᠵᠤ᠂ ᠠᠵᠢᠯ ᠣᠯᠭᠤᠯᠲᠠ ᠪᠠᠷ ᠲᠡᠳᠬᠦᠮᠵᠢ ᠶᠢ | ᠣᠷᠣᠯᠠᠭᠤᠯᠬᠤ ᠠᠷᠭ᠎ᠠ ᠪᠣᠳᠣᠯᠭ᠎ᠠ ᠪᠠ ᠠᠶᠢᠮᠠᠭ ᠤᠨ ᠨᠠᠮ ᠤᠨ ᠬᠤᠷᠢᠶ᠎ᠠ ᠶᠢᠨ ︽ᠬᠤᠶᠠᠷ ᠢ ᠳᠡᠭᠡᠭᠰᠢᠯᠡᠭᠦᠯᠬᠦ︾ | ᠱᠠᠭᠠᠷᠳᠠᠯᠭ᠎ᠠ ᠶᠢ ᠭᠦᠨᠵᠡᠭᠡᠶ ᠲᠤᠤᠱᠯᠠᠭᠤᠯᠤᠨ᠂ ᠪᠥᠬᠦ ᠠᠷᠠᠳ ᠢᠶᠠᠷ ᠢᠶᠠᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ | ᠰᠢᠨ᠎ᠡ ᠪᠠᠶᠢᠷᠢᠰᠢᠯ ᠢ ᠪᠣᠶ ᠪᠣᠯᠭᠠᠵᠤ᠂ ᠡᠯᠡᠰᠦ ᠶᠢ ᠵᠠᠰᠠᠵᠤ ᠣᠷᠣᠯᠭ᠎ᠠ ᠪᠠᠨ ᠨᠡᠮᠡᠭᠳᠡᠭᠦᠯᠬᠦ ᠬᠤᠤᠰ ᠠᠮᠵᠢᠯᠲᠠ ᠣᠯᠬᠤ | ᠪᠠᠶᠢᠳᠠᠯ ᠢ ᠪᠡᠶᠡᠯᠡᠭᠦᠯᠬᠦ ᠬᠡᠷᠡᠭᠲᠡᠶ᠃ |