| | | 4 ᠰᠠᠷ᠎ᠠ ᠶᠢᠨ 11 ᠤ ᠡᠳᠦᠷ ᠤᠨ ᠥᠷᠯᠥᠭᠡ᠂ ᠶᠣᠰᠣᠯᠠᠯ ᠤᠨ ᠫᠤᠤ ᠵᠡᠷᠭᠡᠪᠡᠷ ᠳᠤᠤᠭᠠᠷᠬᠤ ᠶᠢ ᠳᠠᠭᠠᠯᠳᠤᠨ᠂ | ᠮᠠᠨ ᠤ ᠬᠤᠲᠠ ᠶᠢᠨ ᠢᠯᠴᠢ ᠴᠠᠬᠢᠯᠭᠠᠨ ᠤ ᠬᠤᠯᠪᠣᠭᠠᠯᠠᠨ ᠦᠢᠯᠡᠳᠪᠦᠷᠢᠯᠡᠵᠦ ᠲᠥᠪᠯᠡᠷᠡᠭᠦᠯᠦᠨ ᠢᠯᠴᠢ ᠬᠠᠩᠭᠠᠬᠤ | ᠲᠥᠷᠥᠯ ᠵᠦᠢᠯ ᠤᠨ ᠪᠠᠷᠢᠯᠭ᠎ᠠ ᠶᠢᠨ ᠲᠤᠬᠠᠶ ᠶᠢᠨ ᠲᠠᠯᠠᠪᠠᠶ ᠳᠤ ᠭᠦᠸᠧᠯᠦ ᠶᠢ ᠳᠡᠭᠦᠵᠢᠯᠡᠨ ᠤᠭᠰᠠᠷᠠᠬᠤ ᠶᠣᠰᠣᠯᠠᠯ | ᠶᠠᠪᠤᠭᠤᠯᠵᠤ᠂ ᠡᠨᠡ ᠬᠦ ᠡᠨᠧᠷᠭᠢ ᠶᠢᠨ ᠰᠠᠭᠤᠷᠢ ᠲᠥᠬᠦᠭᠡᠷᠦᠮᠵᠢ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ | ᠰᠢᠨ᠎ᠡ ᠱᠠᠲᠤᠨ ᠳᠤ ᠣᠷᠣᠭᠰᠠᠨ ᠢ ᠬᠠᠷᠠᠭᠤᠯᠵᠤ ᠪᠠᠶᠢᠨ᠎ᠠ᠃ | ᠣᠶᠢᠷ᠎ᠠ ᠶᠢᠨ ᠡᠳᠦᠷ ᠤᠳ ᠲᠤ᠂ ᠮᠠᠨ ᠤ ᠬᠤᠲᠠ ᠶᠢᠨ ᠢᠯᠴᠢ ᠴᠠᠬᠢᠯᠭᠠᠨ ᠤ ᠬᠠᠮᠲᠤᠷᠠᠨ ᠦᠢᠯᠡᠳᠪᠦᠷᠢᠯᠡᠵᠦ | ᠢᠯᠴᠢ ᠬᠠᠩᠭᠠᠬᠤ ᠲᠥᠷᠥᠯ ᠵᠦᠢᠯ ᠤᠨ ᠪᠠᠷᠢᠯᠭ᠎ᠠ ᠶᠢᠨ ᠲᠤᠬᠠᠶ ᠶᠢᠨ ᠲᠠᠯᠠᠪᠠᠶ ᠳᠤ ᠬᠥᠷ ᠬᠥᠭᠵᠢᠶᠡᠨ ᠲᠠᠢ ᠠᠭᠤᠷ | ᠠᠮᠢᠰᠬᠤᠯ ᠢᠶᠠᠷ ᠪᠢᠯᠬᠠᠵᠤ᠂ ᠰᠤᠪᠤᠷᠭᠠᠨ ᠳᠡᠭᠦᠵᠢᠯᠡᠭᠦᠷ ᠬᠥᠳᠡᠯᠭᠡᠭᠡᠨᠲᠦ ᠣᠷᠳᠣ ᠭᠠᠷ ᠢᠶᠠᠷ ᠪᠠᠷᠢᠯᠭ᠎ᠠ ᠶᠢᠨ | ᠮᠠᠲ᠋ᠧᠷᠢᠶᠠᠯ ᠢ ᠲᠡᠭᠡᠭᠡᠪᠦᠷᠢᠯᠡᠨ ᠬᠦᠷᠭᠡᠵᠦ᠂ ᠲᠠᠭᠤᠨ ᠭᠠᠩᠨᠠᠬᠤ᠂ ᠬᠡᠷᠴᠢᠬᠦ ᠲᠠᠭᠤᠨ ᠲᠠᠰᠤᠷᠠᠯᠲᠠ ᠥᠬᠡᠶ | ᠰᠣᠨᠣᠰᠳᠠᠵᠤ᠂ ᠪᠠᠷᠢᠯᠭ᠎ᠠ ᠶᠢᠨ ᠲᠡᠷᠭᠡ ᠲᠠᠰᠤᠷᠠᠯᠲᠠ ᠥᠬᠡᠶ ᠰᠦᠯᠵᠢᠯᠳᠦᠪᠡ᠃ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠨᠢᠭᠡᠴᠡ ᠶᠠᠭ ᠴᠠᠭ ᠮᠥᠴᠡ ᠶᠢ ᠠᠮᠵᠢᠨ ᠪᠠᠷᠢᠯᠭ᠎ᠠ ᠶᠢᠨ ᠬᠤᠭᠤᠴᠠᠭ᠎ᠠ ᠶᠢ ᠠᠳᠬᠤᠵᠤ᠂ ᠮᠠᠨ ᠤ | ᠬᠤᠲᠠ ᠶᠢᠨ ᠢᠯᠴᠢ ᠴᠠᠬᠢᠯᠭᠠᠨ ᠤ ᠬᠠᠮᠲᠤᠷᠠᠨ ᠦᠢᠯᠡᠳᠪᠦᠷᠢᠯᠡᠬᠦ ᠲᠥᠪᠯᠡᠷᠡᠭᠦᠯᠦᠨ ᠢᠯᠴᠢ ᠬᠠᠩᠭᠠᠬᠤ ᠲᠥᠷᠥᠯ | ᠵᠦᠢᠯ ᠢ ᠪᠦᠲᠦᠭᠡᠨ ᠪᠠᠶᠢᠭᠤᠯᠵᠤ ᠪᠠᠶᠢᠨ᠎ᠠ᠃ | ᠢᠯᠴᠢ ᠴᠠᠬᠢᠯᠭᠠᠨ ᠤ ᠬᠤᠯᠪᠣᠭᠠᠯᠠᠨ ᠦᠢᠯᠡᠳᠪᠦᠷᠢᠯᠡᠵᠦ ᠢᠯᠴᠢ ᠬᠠᠩᠭᠠᠬᠤ ᠲᠥᠷᠥᠯ ᠵᠦᠢᠯ ᠪᠣᠯ ᠮᠠᠨ ᠤ | ᠬᠤᠲᠠ ᠶᠢᠨ ᠭᠤᠤᠯᠳᠠᠯᠭ᠎ᠠ ᠲᠠᠢ ᠠᠷᠠᠳ ᠤᠨ ᠠᠮᠢᠳᠤᠷᠠᠯ ᠤᠨ ᠲᠥᠷᠥᠯ ᠵᠦᠢᠯ ᠤᠨ ᠨᠢᠭᠡ ᠪᠣᠯᠤᠨ᠎ᠠ᠃ ᠡᠨᠡ ᠵᠢᠯ ᠤᠨ | 3 ᠳ᠋ᠤᠭᠠᠷ ᠰᠠᠷ᠎ᠠ ᠶᠢᠨ ᠬᠤᠷᠢᠳ ᠢᠶᠠᠷ ᠠᠵᠢᠯ ᠢᠶᠠᠨ ᠰᠡᠷᠭᠦᠭᠡᠭᠰᠡᠨ ᠠᠴᠠ ᠨᠠᠰᠢ᠂ ᠲᠥᠷᠥᠯ ᠵᠦᠢᠯ ᠨᠢ ᠣᠯᠠᠨ | ᠵᠠᠩᠭᠢᠯᠠᠭ᠎ᠠ ᠶᠢᠨ ᠬᠦᠷᠢᠶᠡᠨ ᠳᠤ ᠰᠢᠪᠲᠤᠯᠤᠯᠲᠠ ᠬᠢᠵᠦ᠂ ᠭᠤᠤᠯ ᠦᠢᠯᠡᠳᠪᠦᠷᠢ ᠶᠢᠨ ᠭᠡᠷ ᠪᠠᠶᠢᠰᠢᠩ᠂ ᠭᠠᠵᠠᠷ | ᠳᠣᠤᠷᠠᠬᠢ ᠨᠡᠭᠦᠷᠡᠰᠦᠨ ᠬᠤᠩᠭᠢᠯ᠂ ᠮᠠᠲ᠋ᠧᠷᠢᠶᠠᠯ ᠤᠨ ᠬᠥᠮᠥᠷᠭᠡ᠂ ᠠᠶᠤᠯᠲᠠᠶ ᠬᠠᠶᠠᠭᠳᠠᠮᠠᠯ ᠪᠣᠳᠠᠰ ᠤᠨ ᠲᠠᠰᠤᠭ ᠵᠢᠴᠢ | ᠬᠤᠶᠠᠷ ᠵᠤᠤᠬ᠎ᠠ ᠶᠢᠨ ᠰᠠᠭᠤᠷᠢ ᠪᠥᠲᠥᠭᠡᠨ ᠪᠠᠶᠢᠭᠤᠯᠤᠯᠲᠠ ᠶᠢ ᠨᠢᠭᠡᠨᠲᠡ ᠪᠡᠶᠡᠯᠡᠭᠦᠯᠪᠡ᠃ ᠣᠳᠣᠬᠠᠨ ᠳᠤ ᠶᠠᠭ 1᠂ | 2 ᠳ᠋ᠤᠭᠠᠷ ᠨᠣᠮᠧᠷᠲᠤ ᠭᠦᠸᠧᠯᠦ ᠶᠢᠨ ᠪᠣᠯᠣᠳ ᠵᠢᠶᠠᠰᠠ ᠶᠢ ᠤᠭᠰᠠᠷᠠᠵᠤ ᠪᠠᠶᠢᠨ᠎ᠠ᠃ | ᠢᠯᠴᠢ ᠴᠠᠬᠢᠯᠭᠠᠨ ᠤ ᠬᠠᠮᠲᠤᠷᠠᠨ ᠦᠢᠯᠡᠳᠪᠣᠷᠢᠯᠡᠵᠦ ᠢᠯᠴᠢ ᠬᠠᠩᠭᠠᠬᠤ ᠲᠥᠷᠥᠯ ᠵᠦᠢᠯ ᠤᠨ ᠭᠦᠸᠧᠯᠦ | ᠤᠭᠰᠠᠷᠠᠬᠤ ᠳᠤ ᠬᠢᠨᠠᠯᠲᠠ ᠲᠠᠯᠪᠢᠬᠤ ᠬᠠᠷᠢᠭᠤᠴᠠᠯᠭᠠᠲᠠᠨ ᠰᠢᠤᠢ ᡁᠢ ᠴᠢᠶᠠᠩ᠄ ︽ᠮᠠᠨ ᠤ ᠵᠠᠩᠭᠢᠯᠠᠭ᠎ᠠ ᠶᠢᠨ | ᠴᠡᠭ ᠢᠶᠠᠷ᠂ ᠥᠨᠥᠳᠦᠷ ᠵᠤᠤᠬ᠎ᠠ ᠶᠢᠨ ᠭᠤᠤᠯ ᠴᠣᠭᠴᠠ ᠶᠢᠨ ᠪᠣᠯᠣᠳ ᠵᠢᠶᠠᠰᠠ ᠶᠢ ᠤᠭᠰᠠᠷᠠᠵᠤ᠂ 8 ᠰᠠᠷ᠎ᠠ ᠶᠢᠨ | 20 ᠤ ᠡᠳᠦᠷ ᠠᠴᠠ ᠤᠰᠤᠨ ᠳᠠᠷᠤᠯᠲᠠ ᠶᠢᠨ ᠲᠤᠷᠰᠢᠯᠲᠠ ᠶᠢ ᠡᠬᠢᠯᠡᠭᠦᠯᠵᠦ᠂ ᠵᠢᠱᠢᠯᠲᠡ ᠪᠠᠷ ᠡᠨᠡ ᠵᠢᠯ ᠤᠨ 11 | ᠰᠠᠷ᠎ᠠ ᠳᠤ ᠲᠤᠷᠰᠢᠨ ᠠᠵᠢᠯᠯᠠᠭᠤᠯᠬᠤ ᠪᠣᠯᠤᠨ᠎ᠠ᠃ ᠮᠠᠨ ᠤ ᠡᠨᠡ ᠬᠦ ᠠᠵᠢᠯ ᠤᠨ ᠵᠠᠩᠭᠢᠯᠠᠭ᠎ᠠ ᠶᠢᠨ ᠴᠡᠭ ᠨᠢᠭᠡᠪᠦᠷᠢ ᠶᠢ | ᠴᠥᠮ ᠭᠠᠷᠠᠭ ᠪᠠ ᠰᠠᠷ᠎ᠠ ᠳᠤ ᠬᠤᠪᠢᠶᠠᠵᠤ᠂ ᠤᠷᠤᠭᠰᠢ ᠠᠬᠢᠭᠤᠯᠵᠤ᠂ ᠪᠣᠶ ᠪᠥᠬᠦᠶ ᠵᠠᠩᠭᠢᠯᠠᠭ᠎ᠠ ᠶᠢᠨ ᠴᠡᠭ ᠢ ᠴᠠᠭ | ᠲᠤᠬᠠᠶ ᠳᠤᠨᠢ ᠴᠠᠭ ᠲᠤᠬᠠᠶ ᠳᠤᠨᠢ ᠪᠡᠶᠡᠯᠡᠭᠦᠯᠬᠦ ᠶᠢ ᠪᠠᠲᠤᠯᠠᠨ᠎ᠠ︾ ᠭᠡᠵᠡᠶ᠃ | ᠢᠯᠴᠢ ᠴᠠᠬᠢᠯᠭᠠᠨ ᠢ ᠬᠤᠯᠪᠣᠭᠠᠯᠠᠨ ᠦᠢᠯᠡᠳᠪᠦᠷᠢᠯᠡᠬᠦ ᠨᠢ ᠨᠢᠭᠡ ᠵᠦᠢᠯ ᠤᠨ ᠢᠯᠴᠢ ᠶᠢᠨ ᠡᠨᠧᠷᠭᠢ ᠪᠠ | ᠴᠠᠬᠢᠯᠭᠠᠨ ᠡᠨᠧᠷᠭᠢ ᠶᠢ ᠬᠠᠮᠵᠢᠯᠴᠠᠨ ᠦᠢᠯᠡᠳᠪᠦᠷᠢᠯᠡᠬᠦ ᠥᠨᠳᠥᠷ ᠪᠦᠲᠦᠮᠵᠢᠲᠡᠶ ᠡᠨᠧᠷᠭᠢ ᠶᠢᠨ ᠵᠠᠭᠪᠤᠷ ᠪᠣᠯᠤᠭᠰᠠᠨ ᠤ | ᠬᠤᠪᠢ ᠳᠤ᠂ ᠰᠢᠲᠠᠭᠠᠯᠭ᠎ᠠ ᠶᠢᠨ ᠠᠰᠢᠭᠯᠠᠯᠲᠠ ᠶᠢᠨ ᠨᠣᠷᠮ᠎ᠠ ᠶᠢ ᠢᠯᠡᠳᠲᠡ ᠳᠡᠭᠡᠭᠰᠢᠯᠡᠭᠦᠯᠵᠦ ᠴᠢᠳᠠᠨ᠎ᠠ᠃ | ᠤᠯᠠᠮᠵᠢᠯᠠᠯᠲᠤ ᠲᠠᠷᠠᠬᠠᠢ ᠪᠤᠲᠠᠷᠬᠠᠢ ᠢᠯᠴᠢ ᠬᠠᠩᠭᠠᠬᠤ ᠠᠷᠭ᠎ᠠ ᠮᠠᠶ᠋ᠢᠭ ᠲᠠᠢ ᠬᠠᠷᠢᠴᠠᠭᠤᠯᠪᠠᠯ᠂ ᠢᠯᠴᠢ ᠴᠠᠬᠢᠯᠭᠠᠨ ᠤ | ᠬᠤᠯᠪᠣᠭᠠᠯᠠᠨ ᠦᠢᠯᠡᠳᠪᠦᠷᠢᠯᠡᠬᠦ ᠨᠢ ᠡᠨᠧᠷᠭᠢ ᠶᠢᠨ ᠬᠤᠷᠣᠭᠳᠠᠯ ᠢ ᠪᠠᠭᠠᠰᠬᠠᠭᠰᠠᠨ ᠢᠶᠠᠷ ᠪᠠᠷᠠᠬᠤ ᠦᠭᠡᠢ᠂ ᠨᠡᠩ ᠴᠤ | ᠠᠭᠠᠷ ᠮᠠᠨᠳᠠᠯ ᠤᠨ ᠪᠣᠬᠢᠷᠲᠤᠯ ᠢ ᠪᠦᠲᠦᠮᠵᠢᠲᠡᠶ ᠪᠠᠭᠤᠷᠠᠭᠤᠯᠵᠤ᠂ ᠪᠣᠬᠢᠷᠲᠤᠯ ᠦᠭᠡᠢ ᠡᠨᠧᠷᠭᠢ ᠶᠢᠨ ᠬᠥᠭᠵᠢᠯᠲᠡ ᠶᠢᠨ | ᠴᠢᠬᠤᠯᠠ ᠴᠢᠭᠯᠡᠯ ᠪᠣᠯᠤᠨ᠎ᠠ᠃ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ | ᠣᠷᠣᠭᠤᠯᠤᠭᠰᠠᠨ ᠤ ᠳᠠᠷᠠᠭ᠎ᠠ᠂ ᠮᠠᠨ ᠤ ᠬᠤᠲᠠ ᠶᠢᠨ ᠤᠤᠯ ᠤᠨ ᠪᠠᠶᠢᠭᠰᠠᠨ ᠣᠷᠣᠨ ᠪᠦᠰᠡ ᠶᠢᠨ ᠨᠡᠭᠦᠷᠡᠰᠦ | ᠰᠢᠲᠠᠭᠠᠬᠤ ᠭᠦᠸᠧᠯᠦ ᠶᠢᠨ ᠢᠯᠴᠢ ᠬᠠᠩᠭᠠᠬᠤ ᠰᠢᠰᠲ᠋ᠧᠮ ᠢ ᠪᠥᠬᠦ ᠲᠠᠯ᠎ᠠ ᠪᠠᠷ ᠣᠷᠣᠯᠠᠭᠤᠯᠵᠤ᠂ 850 ᠲᠦᠮᠡᠨ | ᠲᠡᠭᠰᠢ ᠳᠥᠷᠪᠡᠯᠵᠢᠨ ᠮᠧᠲᠷ ᠤᠨ ᠢᠯᠴᠢ ᠬᠠᠩᠭᠠᠬᠤ ᠬᠡᠷᠡᠭᠴᠡᠭᠡ ᠶᠢ ᠬᠠᠩᠭᠠᠬᠤ ᠪᠣᠯᠤᠨ᠎ᠠ᠃ ᠡᠨᠡ ᠨᠢ ᠮᠠᠨ ᠤ | ᠬᠤᠲᠠ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠲᠦᠢᠯ ᠤᠨ ᠶᠡᠭᠡ ᠪᠠᠷ ᠰᠠᠶᠢᠵᠢᠷᠠᠭᠤᠯᠵᠤ᠂ ᠨᠡᠭᠦᠷᠡᠰᠦ | ᠰᠢᠲᠠᠭᠠᠵᠤ ᠢᠯᠴᠢ ᠬᠠᠩᠭᠠᠬᠤ ᠠᠴᠠ ᠪᠣᠯᠤᠭᠰᠠᠨ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ ᠪᠠᠷ | ᠪᠠᠷᠠᠬᠤ ᠥᠬᠡᠶ ᠪᠠᠰᠠ ᠢᠯᠴᠢ ᠬᠠᠩᠭᠠᠬᠤ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠤᠲᠠ ᠶᠢᠨ | ᠠᠷᠠᠳ ᠲᠤ ᠨᠠᠩ ᠲᠣᠭᠲᠠᠭᠤᠨ᠂ ᠨᠠᠩ ᠲᠠᠭᠠᠯᠠᠮᠵᠢᠲᠠᠶ ᠢᠯᠴᠢ ᠬᠠᠩᠭᠠᠬᠤ ᠦᠢᠯᠡᠴᠢᠯᠡᠭᠡ ᠬᠠᠩᠭᠠᠵᠤ᠂ ᠬᠤᠲᠠ ᠶᠢᠨ | ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠳᠤ ᠬᠦᠴᠦᠨ ᠨᠡᠮᠡᠷᠢᠯᠡᠬᠦ ᠪᠣᠯᠤᠨ᠎ᠠ᠃ |