| | ᠶᠡᠷᠦᠩᠬᠡᠢ ᠱᠦᠵᠢ ᠰᠢ ᠶᠢᠨ ᠫᠢᠩ ᠤᠨ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠪᠠ ︽ | ᠭᠤᠷᠪᠠᠨ ᠤᠮᠠᠷᠠᠲᠤ︾ ᠶᠢᠨ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ | ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢᠨ ᠳᠣᠯᠠᠳᠠ᠂ 4 ᠰᠠᠷ᠎ᠠ ᠶᠢᠨ 10 ᠤ ᠡᠳᠦᠷ᠂ ᠮᠠᠨ ᠤ ᠬᠤᠲᠠ 2025 ᠣᠨ ᠤ ︽ | ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠲᠥᠷᠥᠯ ᠵᠦᠢᠯ ᠢ ᠬᠦᠭᠵᠢᠯᠳᠣᠶᠠᠭ᠎ᠠ ᠭᠠᠴᠠᠭ᠎ᠠ ᠳᠤ ᠡᠬᠢᠯᠡᠭᠦᠯᠵᠦ᠂ | ᠬᠤᠯᠠᠨ ᠰᠢᠷᠭ᠎ᠠ ᠲᠠᠭ᠎ᠠ ᠶᠢᠨ ᠡᠯᠡᠰᠦ ᠶᠢ ᠤᠰᠠᠳᠬᠠᠬᠤ ᠳᠠᠶᠢᠨ ᠢᠶᠠᠷ ᠭᠤᠣᠯ ᠪᠣᠯᠭᠠᠵᠤ᠂ ᠤᠮᠠᠷᠠᠲᠤ ᠶᠢᠨ ᠠᠮᠢ | ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠥᠬᠦ ᠬᠦᠴᠦᠨ ᠢᠶᠠᠷ ᠢᠶᠠᠨ ᠪᠠᠲᠤ ᠴᠣᠭᠴᠠᠯᠠᠪᠠ᠃ | ᠲᠤᠬᠠᠢ ᠶᠢᠨ ᠲᠠᠯᠠᠪᠠᠢ ᠳᠤ᠂ ᠤᠯᠠᠨ ᠢᠶᠠᠷ ᠢᠶᠠᠨ ᠡᠷᠴᠢ ᠵᠣᠷᠢᠭ ᠲᠡᠭᠦᠯᠳᠡᠷ ᠪᠠᠶᠢᠵᠤ᠂ ᠫᠢᠺᠠ ᠮᠠᠰᠢᠨ ᠵᠡᠷᠭᠡ | ᠲᠥᠬᠦᠭᠡᠷᠦᠮᠵᠢ ᠶᠢ ᠠᠰᠢᠭᠯᠠᠨ ᠲᠡᠮᠦᠷ ᠲᠣᠣᠷ ᠳᠡᠪᠢᠰᠪᠡ᠃ ᠠᠴᠢᠶᠠᠯᠠᠬᠤ ᠮᠠᠰᠢᠨ᠂ ᠬᠤᠳᠬᠤᠭᠤᠷ ᠲᠡᠷᠭᠡ ᠵᠡᠷᠭᠡ | ᠮᠠᠰᠢᠨ ᠮᠧᠬᠠᠨᠢᠭ ᠬᠡᠰᠡᠭ ᠬᠡᠰᠡᠭ ᠬᠦᠩᠭᠢᠨᠡᠮ᠎ᠡ ᠳᠠᠭᠤᠨ ᠭᠠᠷᠴᠤ᠂ ᠲᠠᠷᠢᠶᠠᠴᠢᠨ ᠠᠶᠢᠯ ᠤᠨ ᠪᠤᠷᠳᠤᠭᠤᠷ ᠢ ᠳᠡᠪᠢᠰᠴᠦ | ᠂ ᠳᠠᠷᠠᠭᠠᠴᠢ ᠶᠢᠨ ᠲᠠᠷᠢᠬᠤ ᠶᠠᠪᠤᠴᠠ ᠳᠤ ᠰᠠᠭᠤᠷᠢ ᠲᠠᠯᠪᠢᠪᠠ᠃ | 2025 ᠣᠨ ᠳᠤ᠂ ᠮᠠᠨ ᠤ ᠬᠤᠲᠠ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ ᠤᠰᠠᠳᠬᠠᠬᠤ | ᠳᠠᠶᠢᠯᠠᠯᠳᠤᠭᠠᠨ ᠤ ᠭᠤᠤᠯ ᠬᠠᠷᠠᠯᠲᠠ ᠶᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠤᠯᠳᠠᠯᠭ᠎ᠠ ᠲᠠᠢ | ᠲᠥᠷᠥᠯ ᠵᠦᠢᠯ ᠪᠠ ᠬᠡᠷᠡᠯ ᠴᠡᠨᠡᠭ ᠢᠶᠠᠷ ᠡᠯᠡᠰᠦ ᠶᠢ ᠵᠠᠰᠠᠬᠤ ᠪᠠᠷ ᠭᠠᠷᠳᠠᠴᠠ ᠪᠣᠯᠭᠠᠵᠤ᠂ ︽ᠭᠤᠷᠪᠠᠨ ᠤᠮᠠᠷᠠᠲᠤ︾ | ᠶᠢᠨ ᠵᠢᠷᠭᠤᠳᠤᠭᠠᠷ ᠬᠤᠭᠤᠴᠠᠭᠠᠨ ᠤ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠡᠯᠡᠰᠦᠷᠬᠡᠭᠵᠢᠭᠰᠡᠨ ᠭᠠᠵᠠᠷ | ᠰᠢᠷᠣᠶ ᠶᠢ ᠶᠡᠷᠦᠩᠬᠡᠶᠢᠯᠡᠨ ᠵᠠᠰᠠᠬᠤ ᠵᠠᠯᠭᠠᠮᠵᠢ ᠢᠨᠵᠧᠨᠧᠷᠢᠩ ᠵᠢᠴᠢ ᠰᠢᠨ᠎ᠡ ᠪᠠᠷ ᠠᠵᠢᠯ ᠡᠬᠢᠯᠡᠭᠦᠯᠬᠦ ᠡᠭᠦᠷᠭᠡ ᠶᠢ 92. | 06 ᠲᠦᠮᠡᠨ ᠮᠥ ᠪᠡᠶᠡᠯᠡᠭᠦᠯᠵᠦ᠂ ᠨᠡᠶᠢᠲᠡ 32479 ᠲᠦᠮᠡᠨ ᠲᠥᠭᠦᠷᠢᠭ ᠤᠨ ᠪᠠᠯᠠ ᠣᠷᠣᠭᠤᠯᠤᠨ᠎ᠠ᠃ ᠣᠶ | ᠰᠢᠭᠤᠶ ᠡᠪᠡᠰᠦ ᠪᠡᠯᠴᠢᠭᠡᠷ ᠨᠤᠭᠤ ᠭᠠᠵᠠᠷ ᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠡᠷᠭᠦᠭᠡᠬᠦ ᠲᠥᠷᠥᠯ ᠵᠦᠢᠯ ᠢ | ᠬᠡᠷᠡᠭᠵᠢᠭᠦᠯᠵᠦ᠂ ᠣᠶ ᠰᠢᠭᠤᠶ ᠪᠠ ᠨᠤᠲᠤᠭ ᠪᠡᠯᠴᠢᠭᠡᠷ ᠤᠨ ᠶᠠᠰᠤ ᠴᠢᠨᠠᠷ ᠢ 162.72 ᠲᠦᠮᠡᠨ ᠮᠥ ᠪᠠᠬᠢᠵᠢᠭᠦᠯᠦᠨ | ᠳᠡᠭᠡᠭᠰᠢᠯᠡᠭᠦᠯᠵᠦ᠂ ᠶᠡᠷᠦᠩᠬᠡᠶ ᠪᠠᠯᠠ ᠣᠷᠣᠭᠤᠯᠤᠯᠲᠠ ᠨᠢ 37688 ᠲᠦᠮᠡᠨ ᠲᠥᠭᠦᠷᠢᠭ ᠪᠠᠶᠢᠵᠤ᠂ ᠡᠭᠦᠨ ᠳᠤ ᠣᠶ | ᠰᠢᠭᠤᠶ ᠶᠢ 0.12 ᠲᠦᠮᠡᠨ ᠮᠥ ᠰᠡᠯᠪᠢᠨ ᠵᠠᠰᠠᠵᠤ᠂ ᠳᠤᠮᠳᠠ ᠨᠢᠯᠬ᠎ᠠ ᠣᠶ ᠶᠢ 0.6 ᠲᠦᠮᠡᠨ ᠮᠥ ᠠᠷᠠᠴᠢᠯᠠᠨ | ᠪᠤᠶᠢᠵᠢᠭᠤᠯᠵᠤ᠂ ᠮᠠᠭᠤᠵᠢᠷᠠᠭᠰᠠᠨ ᠨᠤᠲᠤᠭ ᠪᠡᠯᠴᠢᠭᠡᠷ ᠢ 162 ᠲᠦᠮᠡᠨ ᠮᠥ ᠵᠠᠰᠠᠨ ᠰᠡᠷᠭᠦᠭᠡᠪᠡ᠃ 34 ᠲᠦᠮᠡᠨ | ᠮᠥ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠨᠢᠭᠡ ᠴᠣᠭᠴᠠᠵᠢᠭᠰᠠᠨ ᠢᠨᠵᠧᠨᠧᠷᠢᠩ ᠤᠨ ᠡᠯᠡᠰᠦ ᠶᠢ | ᠵᠠᠰᠠᠬᠤ ᠲᠥᠷᠥᠯ ᠵᠦᠢᠯ ᠢ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠤᠪᠢ ᠣᠷᠣᠭᠤᠯᠤᠭᠰᠠᠨ 4 | ᠬᠤᠷᠰᠢᠶ᠎ᠠ ᠠᠴᠠ ᠵᠠᠯᠭᠠᠨ ᠬᠡᠷᠡᠭᠵᠢᠭᠦᠯᠵᠦ᠂ ᠨᠡᠶᠢᠲᠡ 10269 ᠲᠦᠮᠡᠨ ᠲᠥᠭᠦᠷᠢᠭ ᠤᠨ ᠪᠡᠯᠡ ᠣᠷᠣᠭᠤᠯᠵᠠᠢ᠃ | ᠬᠡᠷᠡᠭᠵᠢᠭᠦᠯᠬᠦ ᠶᠠᠪᠤᠴᠠ ᠳᠤ᠂ ᠮᠠᠯᠴᠢᠨ ᠲᠠᠷᠢᠶᠠᠴᠢᠨ ᠲᠦᠮᠡᠨ ᠢ ᠢᠳᠡᠪᠬᠢᠲᠡᠶ ᠤᠬᠠᠭᠤᠯᠤᠨ ᠳᠠᠶᠢᠴᠢᠯᠠᠵᠤ | ᠪᠠᠶᠢᠭᠠᠳ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠳᠤ ᠣᠷᠣᠯᠴᠠᠭᠤᠯᠵᠤ᠂ ᠠᠵᠢᠯ ᠣᠯᠭᠤᠯᠲᠠ ᠪᠠᠷ | ᠲᠡᠳᠬᠦᠮᠵᠢ ᠶᠢ ᠣᠷᠣᠯᠠᠭᠤᠯᠬᠤ ᠠᠷᠭ᠎ᠠ ᠪᠣᠳᠣᠯᠭ᠎ᠠ ᠪᠠ ᠠᠶᠢᠮᠠᠭ ᠤᠨ ᠨᠠᠮ ᠤᠨ ᠬᠤᠷᠢᠶ᠎ᠠ ᠶᠢᠨ ︽ᠬᠤᠶᠠᠷ ᠢ | ᠳᠡᠭᠡᠭᠰᠢᠯᠡᠭᠦᠯᠬᠦ︾ ᠱᠠᠭᠠᠷᠳᠠᠯᠭ᠎ᠠ ᠶᠢ ᠭᠦᠨᠵᠡᠭᠡᠶ ᠲᠤᠤᠱᠯᠠᠭᠤᠯᠤᠨ᠂ ᠪᠥᠬᠦ ᠠᠷᠠᠳ ᠢᠶᠠᠷ ᠢᠶᠠᠨ ᠡᠯᠡᠰᠦᠷᠬᠡᠭᠵᠢᠯ ᠢ | ᠰᠡᠷᠭᠡᠶᠢᠯᠡᠨ ᠡᠯᠡᠰᠦ ᠶᠢ ᠵᠠᠰᠠᠬᠤ ᠰᠢᠨ᠎ᠡ ᠪᠠᠶᠢᠷᠢᠰᠢᠯ ᠢ ᠪᠣᠶ ᠪᠣᠯᠭᠠᠵᠤ᠂ ᠡᠯᠡᠰᠦ ᠶᠢ ᠵᠠᠰᠠᠵᠤ ᠣᠷᠣᠯᠭ᠎ᠠ ᠪᠠᠨ | ᠨᠡᠮᠡᠭᠳᠡᠭᠦᠯᠬᠦ ᠬᠤᠤᠰ ᠠᠮᠵᠢᠯᠲᠠ ᠣᠯᠬᠤ ᠪᠠᠶᠢᠳᠠᠯ ᠢ ᠪᠡᠶᠡᠯᠡᠭᠦᠯᠬᠦ ᠬᠡᠷᠡᠭᠲᠡᠶ᠃ |