| | | ᠪᠦᠷᠢᠳᠬᠡᠯ ᠢ ᠦᠨᠳᠦᠰᠦᠯᠡᠪᠡᠯ᠂ ᠡᠨᠡ ᠵᠢᠯ ᠤᠨ ᠨᠢᠭᠡᠳᠦᠭᠡᠷ ᠤᠯᠠᠷᠢᠯ ᠳᠤ᠂ ᠡᠷᠢᠶᠡᠨ ᠪᠣᠭᠤᠮᠲᠠ ᠶᠢᠨ | ᠭᠠᠳᠠᠭᠠᠳᠤ ᠳᠤ ᠭᠠᠷᠭᠠᠭᠰᠠᠨ ᠵᠢᠮᠢᠰ ᠨᠣᠭᠤᠭ᠎ᠠ 3.8 ᠲᠦᠮᠡᠨ ᠲᠣᠨ ᠳᠤ ᠬᠦᠷᠴᠦ᠂ ᠨᠢᠳᠤᠨᠤᠨ ᠤ ᠠᠳᠠᠯᠢ | ᠬᠤᠭᠤᠴᠠᠭᠠᠨ ᠤ ᠬᠢ ᠠᠴᠠ 36% ᠪᠠᠷ ᠨᠡᠮᠡᠭᠳᠡᠪᠡ᠃ | 4 ᠰᠠᠷ᠎ᠠ ᠶᠢᠨ 11 ᠤ ᠡᠳᠦᠷ᠂ ᠡᠷᠢᠶᠡᠨ ᠵᠠᠰᠠᠮᠠᠯ ᠵᠠᠮ ᠤᠨ ᠪᠣᠭᠤᠮᠲᠠ ᠳᠤ ᠶᠠᠭᠠᠷᠠᠯᠲᠠᠢ ᠪᠠᠶᠢᠳᠠᠯ ᠢᠯᠡᠷᠡᠵᠦ᠂ | ᠲᠣᠰ ᠤᠯᠠᠷᠢᠯ ᠤᠨ ᠨᠠᠷᠢᠨ ᠨᠣᠭᠤᠭ᠎ᠠ ᠪᠠ ᠰᠢᠨ᠎ᠡ ᠰᠣᠷᠭᠤᠭ ᠵᠢᠮᠢᠰ ᠨᠣᠭᠤᠭ᠎ᠠ ᠶᠢ ᠳᠦᠭᠦᠷᠲᠡᠯ᠎ᠡ ᠲᠡᠭᠡᠭᠡᠭᠰᠡᠨ | ᠲᠡᠷᠭᠡ ᠤᠨᠤᠭ᠎ᠠ ᠪᠠᠷ ︽ᠳᠤᠮᠳᠠᠳᠤ ᠮᠣᠩᠭᠤᠯ ᠤᠨ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠤ | ᠰᠠᠭᠠᠳ ᠦᠭᠡᠢ ᠨᠡᠪᠲᠡᠷᠡᠬᠦ ᠵᠠᠮ︾ ᠢᠶᠠᠷ ᠥᠩᠭᠡᠷᠡᠵᠦ᠂ ᠵᠥᠪᠬᠡᠨ 10 ᠮᠢᠨᠦ᠋ᠲ ᠲᠤ ᠪᠣᠭᠤᠮᠲᠠ ᠪᠠᠷ ᠥᠩᠭᠡᠷᠡᠬᠦ | ᠭᠠᠷ ᠭᠦᠢᠴᠡᠳᠬᠡᠯ ᠢ ᠬᠢᠵᠦ᠂ ᠮᠣᠩᠭᠤᠯ ᠤᠯᠤᠰ ᠤᠨ ᠤᠯᠠᠭᠠᠨᠪᠠᠭᠠᠲᠤᠷ ᠬᠤᠲᠠ ᠳᠤ ᠣᠴᠢᠪᠠ᠃ | ᠡᠷᠢᠶᠡᠨ ᠪᠣᠭᠤᠮᠲᠠ ᠪᠣᠯ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠪᠠ ᠳᠤᠮᠳᠠᠳᠤ ᠮᠣᠩᠭᠤᠯ | ᠣᠷᠣᠰ ᠤᠨ ᠠᠵᠤ ᠠᠬᠤᠶ ᠶᠢᠨ ᠬᠤᠩᠭᠢᠯ ᠤᠨ ᠵᠠᠩᠭᠢᠯᠠᠭ᠎ᠠ ᠶᠢᠨ ᠴᠡᠭ ᠪᠣᠯᠤᠨ᠎ᠠ᠃ ᠮᠣᠩᠭᠤᠯ ᠤᠯᠤᠰ ᠤᠨ 80 ᠤᠨ | ᠬᠤᠪ ᠤᠨ ᠬᠦᠨᠡᠰᠦᠨ ᠤ ᠨᠣᠭᠤᠭ᠎ᠠ ᠶᠢ ᠡᠷᠢᠶᠡᠨ ᠪᠣᠭᠤᠮᠲᠠ ᠪᠠᠷ ᠳᠠᠮᠵᠢᠨ ᠣᠷᠣᠭᠤᠯᠵᠤ ᠪᠠᠶᠢᠨ᠎ᠠ᠃ ᠵᠢᠮᠢᠰ ᠢᠳᠡᠰᠢᠨ | ᠨᠣᠭᠤᠭ᠎ᠠ ᠠᠮᠠᠷᠬᠠᠨ ᠢᠯᠵᠠᠷᠠᠬᠤ᠂ ᠬᠠᠳᠠᠭᠠᠯᠠᠬᠤ ᠳᠤ ᠬᠢᠯᠪᠠᠷ ᠪᠤᠰᠤ ᠵᠡᠷᠭᠡ ᠣᠨᠴᠠᠯᠢᠭ ᠲᠤ ᠴᠢᠭᠯᠡᠭᠦᠯᠦᠨ᠂ | ᠪᠣᠭᠤᠮᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠠᠵᠤ ᠠᠬᠤᠶᠢᠯᠠᠯ ᠤᠨ | ᠪᠣᠭᠤᠮᠲᠠ ᠪᠠᠷ ᠥᠩᠭᠡᠷᠡᠬᠦ ᠥᠪᠡᠷ ᠤᠨ ᠥᠷᠲᠡᠭ ᠢ ᠪᠠᠭᠤᠷᠠᠭᠤᠯᠬᠤ ᠶᠢᠨ ᠲᠥᠯᠥᠭᠡ᠂ ᠡᠷᠢᠶᠡᠨ ᠤ ᠬᠢᠯᠢ ᠪᠠᠷ ᠣᠷᠣᠵᠤ | ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ᠨᠢ ︽ᠳᠤᠮᠳᠠᠳᠤ ᠮᠣᠩᠭᠤᠯ ᠤᠨ ᠲᠠᠷᠢᠶᠠᠯᠠᠩ | ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠤ ᠰᠠᠭᠠᠳ ᠥᠬᠡᠶ ᠨᠡᠪᠲᠡᠷᠡᠬᠦ ᠵᠠᠮ︾ ᠢ ᠨᠡᠭᠡᠭᠡᠵᠦ᠂ ︽ᠬᠢᠯᠢ ᠶᠢᠨ | ᠪᠠᠶᠢᠴᠠᠭᠠᠯᠲᠠ ᠶᠢ ᠨᠡᠪᠲᠡᠷᠡᠭᠦᠯᠬᠦ︾ ᠳᠠᠩᠰᠠᠯᠠᠭᠤᠯᠬᠤ ᠳᠤ ᠤᠷᠢᠳᠴᠢᠯᠠᠨ ᠪᠣᠯᠵᠣᠬᠤ ᠦᠢᠯᠡᠴᠢᠯᠡᠭᠡᠨ ᠤ ᠲᠠᠪᠴᠠᠩ ᠢ | ᠰᠤᠳᠤᠯᠤᠨ ᠨᠡᠭᠡᠭᠡᠵᠦ᠂ ᠠᠵᠤ ᠠᠬᠤᠶᠢᠯᠠᠯ ᠰᠦᠯᠵᠢᠶᠡᠨ ᠳᠡᠭᠡᠷ᠎ᠡ ︽ᠤᠷᠢᠳᠴᠢᠯᠠᠨ ᠭᠤᠶᠤᠴᠢᠯᠠᠨ ᠮᠡᠳᠡᠭᠦᠯᠬᠦ︾᠂ ︽ | ᠤᠷᠢᠳᠴᠢᠯᠠᠨ ᠪᠣᠯᠵᠣᠵᠤ ᠪᠠᠶᠢᠴᠠᠭᠠᠨ ᠰᠢᠯᠭᠠᠬᠤ︾ ᠵᠡᠷᠭᠡ ᠪᠣᠭᠤᠮᠲᠠ ᠪᠠᠷ ᠥᠩᠭᠡᠷᠡᠬᠦ ᠠᠷᠭ᠎ᠠ ᠬᠡᠮᠵᠢᠶ᠎ᠡ ᠶᠢ | ᠳᠥᠭᠦᠮᠴᠢᠯᠡᠵᠦ᠂ ᠲᠤᠰᠬᠠᠶ ᠬᠥᠮᠦᠨ ᠲᠣᠬᠢᠷᠠᠭᠤᠯᠤᠨ ᠲᠤᠰᠬᠠᠶ ᠠᠵᠢᠯ ᠤᠨ ᠪᠠᠶᠢᠷᠢ ᠳᠣᠭᠢᠷᠠᠭᠤᠯᠤᠨ ᠪᠠᠶᠢᠴᠠᠭᠠᠨ | ᠰᠢᠯᠭᠠᠵᠤ᠂ ᠵᠢᠮᠢᠰ ᠢᠳᠡᠰᠢᠨ ᠨᠣᠭᠤᠭ᠎ᠠ ᠶᠢ ᠭᠠᠳᠠᠭᠠᠳᠤ ᠳᠤ ᠭᠠᠷᠭᠠᠬᠤ ︽ᠬᠡᠵᠢᠶ᠎ᠡ ᠢᠷᠡᠪᠡᠯ ᠪᠠᠶᠢᠴᠠᠭᠠᠬᠤ᠂ ᠳᠠᠷᠤᠶ | ᠪᠠᠶᠢᠴᠠᠭᠠᠪᠠᠯ ᠳᠠᠷᠦ᠋ᠢᠬᠠᠨ ᠲᠠᠯᠪᠢᠬᠤ︾ ᠶᠢ ᠦᠨᠡᠨ ᠬᠦ ᠪᠠᠲᠤᠯᠠᠵᠤ᠂ ᠲᠠᠷᠢᠶᠠᠯᠠᠩ ᠤᠨ ᠪᠦᠲᠦᠭᠡᠭᠳᠡᠬᠦᠨ ᠤ | ᠪᠣᠭᠤᠮᠲᠠ ᠪᠠᠷ ᠥᠩᠭᠡᠷᠡᠬᠦ ᠴᠠᠭ ᠢ 30% ᠪᠠᠷ ᠳᠡᠭᠡᠭᠰᠢᠯᠡᠭᠦᠯᠪᠡ᠃ | ᠡᠷᠢᠶᠡᠨ ᠬᠤᠲᠠ ᠶᠢᠨ ᠬᠢᠯᠢ ᠪᠠᠷ ᠨᠡᠪᠳᠡᠷᠡᠬᠦ ᠬᠢᠯᠢ ᠶᠢᠨ ᠬᠠᠮᠠᠭᠠᠯᠠᠯᠲᠠ ᠶᠢᠨ ᠰᠢᠯᠭᠠᠨ ᠪᠠᠶᠢᠴᠠᠭᠠᠬᠤ | ᠥᠷᠲᠡᠭᠡ ᠶᠢᠨ ᠡᠭᠦᠷᠭᠡ ᠬᠦᠢᠴᠡᠳᠬᠡᠬᠦ ᠲᠠᠪᠤᠳᠤᠭᠠᠷ ᠠᠩᠭᠢ ᠶᠢᠨ ᠳᠡᠳ᠋ ᠳᠠᠷᠤᠭ᠎ᠠ ᠬᠤᠤ ᠮᠢᠩ ᠰᠢᠩ ᠬᠡᠯᠡᠬᠦ ᠳᠡᠭᠡᠨ᠄ | ︽ᠵᠢᠮᠢᠰ ᠢᠳᠡᠰᠢᠨ ᠨᠣᠭᠤᠭ᠎ᠠ ᠶᠢ ᠭᠠᠳᠠᠭᠠᠳᠤ ᠳᠤ ᠭᠠᠷᠭᠠᠬᠤ ᠠᠵᠤ ᠠᠬᠤᠶᠢᠯᠠᠯ ᠳᠤ ᠤᠷᠢᠳᠴᠢᠯᠠᠨ ᠭᠤᠶᠤᠴᠢᠯᠠᠨ | ᠮᠡᠳᠡᠭᠦᠯᠬᠦ᠂ ᠤᠷᠢᠳᠴᠢᠯᠠᠨ ᠪᠣᠯᠵᠣᠵᠤ ᠪᠠᠶᠢᠴᠠᠭᠠᠨ ᠰᠢᠯᠭᠠᠬᠤ ᠵᠡᠷᠭᠡ ᠠᠷᠭ᠎ᠠ ᠮᠠᠶ᠋ᠢᠭ ᠢ ᠬᠠᠩᠭᠠᠵᠤ᠂ ᠭᠠᠳᠠᠭᠠᠳᠤ ᠳᠤ | ᠭᠠᠷᠭᠠᠬᠤ ᠵᠢᠮᠢᠰ ᠨᠣᠭᠤᠭ᠎ᠠ ᠶᠢ ᠴᠠᠭ ᠲᠤᠬᠠᠶ ᠳᠤᠨᠢ ᠪᠠᠶᠢᠴᠠᠭᠠᠨ ᠰᠢᠯᠭᠠᠵᠤ᠂ ᠲᠦᠷᠭᠡᠨ ᠨᠡᠪᠲᠡᠷᠡᠭᠦᠯᠵᠦ᠂ ᠵᠢᠮᠢᠰ | ᠢᠳᠡᠰᠢᠨ ᠨᠣᠭᠤᠭ᠎ᠠ ᠶᠢᠨ ᠲᠡᠷᠭᠡ ᠬᠥᠰᠬᠡ ᠶᠢᠨ ᠲᠦᠷᠭᠡᠨ ᠨᠡᠪᠲᠡᠷᠡᠬᠦ ᠶᠢ ᠪᠠᠲᠤᠯᠠᠨ᠎ᠠ︾ ᠭᠡᠵᠡᠶ᠃ | ︽ᠳᠤᠮᠳᠠᠳᠤ ᠮᠣᠩᠭᠤᠯ ᠤᠨ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠤ ᠰᠠᠭᠠᠳ | ᠥᠬᠡᠶ ᠨᠡᠪᠲᠡᠷᠡᠬᠦ ᠵᠠᠮ︾ ᠨᠢ ᠠᠷᠠᠯᠵᠢᠶᠠᠨ ᠤ ᠵᠠᠮ ᠪᠣᠯᠬᠤ ᠪᠠᠷ ᠪᠠᠷᠠᠬᠤ ᠥᠬᠡᠶ᠂ ᠨᠠᠩ ᠴᠤ ᠠᠷᠠᠳ ᠤᠨ | ᠰᠡᠳᠬᠢᠯ ᠤᠨ ᠵᠠᠮ ᠪᠣᠯᠤᠨ᠎ᠠ᠃ ᠪᠦᠷᠢᠳᠬᠡᠯ ᠢ ᠦᠨᠳᠦᠰᠦᠯᠡᠪᠡᠯ᠂ 2018 ᠣᠨ ᠳᠤ ︽ᠳᠤᠮᠳᠠᠳᠤ ᠮᠣᠩᠭᠤᠯ ᠤᠨ | ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠤ ᠰᠠᠭᠠᠳ ᠥᠬᠡᠶ ᠨᠡᠪᠲᠡᠷᠡᠬᠦ ᠵᠠᠮ︾ ᠢ | ᠨᠡᠪᠲᠡᠷᠡᠭᠦᠯᠦᠭᠰᠡᠨ ᠠᠴᠠ ᠨᠠᠰᠢ᠂ ᠡᠷᠢᠶᠡᠨ ᠪᠣᠭᠤᠮᠲᠠ ᠪᠠᠷ ᠨᠡᠶᠢᠲᠡ 73 ᠲᠦᠮᠡᠨ ᠲᠣᠨ ᠵᠢᠮᠢᠰ ᠨᠣᠭᠤᠭ᠎ᠠ ᠶᠢ | ᠭᠠᠳᠠᠭᠠᠳᠤ ᠳᠤ ᠭᠠᠷᠭᠠᠵᠤ᠂ ᠪᠠᠷᠠᠭᠠᠨ ᠤ ᠥᠷᠲᠡᠭ ᠨᠢ 15 ᠳ᠋ᠦᠩᠰᠢᠭᠤᠷ ᠲᠥᠭᠦᠷᠢᠭ ᠲᠤ ᠬᠦᠷᠴᠡᠶ᠃ ︽ᠨᠢᠭᠡ | ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠦᠷᠭᠦᠯᠵᠢᠯᠡᠨ ᠭᠦᠨᠵᠡᠭᠡᠶᠢᠷᠡᠬᠦ ᠶᠢ | ᠳᠠᠭᠠᠯᠳᠤᠨ᠂ ᠳᠤᠮᠳᠠᠳᠤ ᠤᠯᠤᠰ ᠤᠨ ᠵᠢᠮᠢᠰ ᠨᠣᠭᠤᠭ᠎ᠠ ᠶᠠᠭ ᠨᠠᠩ ᠲᠦᠷᠭᠡᠨ ᠬᠤᠷᠳᠤᠴᠠ᠂ ᠨᠠᠩ ᠰᠢᠯᠢᠳᠡᠭ ᠶᠠᠰᠤ | ᠴᠢᠨᠠᠷ ᠢᠶᠠᠷ ᠮᠣᠩᠭᠤᠯ ᠤᠯᠤᠰ ᠤᠨ ᠠᠷᠠᠳ ᠣᠯᠠᠨ ᠤ ᠠᠮᠢᠳᠤᠷᠠᠯ ᠳᠤ ᠳᠤᠲᠠᠭᠳᠠᠵᠤ ᠪᠣᠯᠤᠰᠢ ᠦᠭᠡᠢ ︽ᠳᠤᠮᠳᠠᠳᠤ | ᠤᠯᠤᠰ ᠤᠨ ᠦᠨᠦᠷ ᠠᠮᠲᠠ︾ ᠪᠣᠯᠵᠣ ᠪᠠᠶᠢᠨ᠎ᠠ᠃ |