4 ᠰᠠᠷ᠎ᠠ ᠶᠢᠨ 11 ᠤ ᠡᠳᠦᠷ᠂ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠬᠤᠶᠠᠳᠤᠭᠠᠷ | ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ᠃ | ᠬᠤᠷᠠᠯ ᠠᠴᠠ ︽ᠡᠷᠢᠶᠡᠨ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠤᠶᠠᠳᠤᠭᠠᠷ | ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ 2024 ᠣᠨ ᠤ ᠠᠵᠢᠯ ᠤᠨ ᠮᠡᠳᠡᠭᠦᠯᠦᠯᠲᠡ︾ ᠪᠠ ︽ | ᠡᠷᠢᠶᠡᠨ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠤᠶᠠᠳᠤᠭᠠᠷ ᠬᠤᠭᠤᠴᠠᠭᠠᠨ ᠤ ᠬᠡᠷᠡᠭ | ᠡᠷᠬᠢᠯᠡᠭᠴᠢᠳ ᠤᠨ ᠬᠤᠷᠠᠯ ᠤᠨ 2024 ᠣᠨ ᠤ ᠪᠡᠯᠡᠭᠯᠡᠨ ᠬᠦᠷᠭᠡᠭᠰᠡᠨ ᠵᠣᠭᠤᠰ ᠮᠥᠩᠭᠦ ᠡᠳ᠋ ᠪᠣᠳᠠᠰ ᠢ ᠭᠥᠯᠢᠶᠡᠨ | ᠠᠪᠴᠤ ᠣᠷᠣᠯᠭ᠎ᠠ ᠵᠠᠷᠤᠯᠭ᠎ᠠ ᠶᠢᠨ ᠪᠠᠶᠢᠳᠠᠯ ᠤᠨ ᠮᠡᠳᠡᠭᠦᠯᠦᠯᠲᠡ︾ ᠶᠢ ᠰᠣᠨᠣᠰᠴᠤ᠂ ︽ᠡᠷᠢᠶᠡᠨ ᠬᠤᠲᠠ ᠶᠢᠨ | ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠤᠶᠠᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ | ᠲᠠᠪᠤᠳᠤᠭᠠᠷ ᠬᠤᠷᠠᠯ ᠤᠨ ᠰᠢᠢᠳᠪᠦᠷᠢ ︵ᠲᠥᠰᠦᠯ︶︾ ᠶᠢ ᠬᠢᠨᠠᠨ ᠵᠥᠪᠯᠡᠵᠦ ᠪᠠᠲᠤᠯᠠᠨ᠂ ︽ᠡᠷᠢᠶᠡᠨ ᠬᠤᠲᠠ ᠶᠢᠨ | ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠢᠨᠠᠭᠴᠢᠳ ᠤᠨ ᠵᠥᠪᠯᠡᠯ ᠤᠨ 2024 ᠣᠨ ᠳᠤ ᠬᠢᠨᠠᠯᠲᠠ ᠲᠠᠯᠪᠢᠭᠰᠠᠨ | ᠪᠠᠶᠢᠳᠠᠯ ᠤᠨ ᠮᠡᠳᠡᠭᠳᠡᠯ︾ ᠢ ᠪᠢᠴᠢᠭ ᠢᠶᠠᠷ ᠳᠡᠪᠰᠢᠭᠦᠯᠪᠡ᠃ | ᠬᠤᠷᠠᠯ ᠠᠴᠠ᠂ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ︽ᠬᠤᠶᠠᠷ ᠢ ᠲᠣᠭᠲᠠᠭᠠᠬᠤ︾ ᠶᠢ ᠡᠷᠡᠰ | ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠲᠠᠯ᠎ᠠ ᠪᠠᠷ ᠦᠯᠢᠭᠡᠷ ᠳᠠᠭᠤᠷᠢᠶᠠᠯ ᠪᠣᠯᠬᠤ | ᠬᠡᠷᠡᠭᠲᠡᠢ᠃ ᠨᠠᠮ ᠪᠠ ᠵᠠᠰᠠᠭ ᠤᠨ ᠣᠷᠳᠣᠨ ᠤ ᠤᠯᠠᠨ ᠲᠦᠮᠡᠨ ᠲᠠᠢ ᠨᠢᠭᠲᠠ ᠬᠠᠷᠢᠯᠴᠠᠬᠤ ᠬᠥᠭᠦᠷᠭᠡ ᠬᠤᠯᠪᠣᠭᠠᠰᠤ | ᠪᠠ ᠬᠥᠮᠦᠯᠢᠭ ᠦᠵᠡᠯ ᠤᠨ ᠬᠦᠷᠢᠶᠡᠨ ᠤ ᠬᠠᠪᠰᠤᠷᠤᠭᠴᠢ ᠪᠣᠯᠤᠭᠰᠠᠨ ᠤ ᠬᠤᠪᠢ ᠳᠤ᠂ ᠰᠢᠨ᠎ᠡ ᠴᠠᠭ ᠦᠶ᠎ᠡ ᠶᠢᠨ | ᠤᠯᠠᠭᠠᠨ ᠵᠠᠭᠠᠯᠮᠠᠶᠢᠲᠠᠨ ᠤ ᠠᠵᠢᠯ ᠢ ᠰᠠᠶᠢᠲᠤᠷ ᠬᠢᠬᠦ ᠶᠢᠨ ᠲᠡᠷᠢᠭᠦᠨ ᠴᠢᠬᠤᠯᠠ ᠤᠷᠢᠲᠠᠯ ᠪᠣᠯ ᠳᠠᠷᠤᠶ ᠥᠪᠡᠷ ᠢ ᠪᠠᠨ | ᠢᠮᠠᠭᠲᠠ ᠨᠠᠮ ᠤᠨ ᠤᠳᠤᠷᠢᠳᠤᠯᠭ᠎ᠠ ᠶᠢᠨ ᠳᠣᠣᠷ᠎ᠠ ᠲᠠᠯᠪᠢᠵᠤ᠂ ᠡᠭᠦᠷᠭᠡᠯᠡᠪᠡᠰᠦ ᠵᠣᠬᠢᠬᠤ ᠤᠯᠤᠰ ᠲᠥᠷᠥ ᠶᠢᠨ | ᠡᠭᠦᠷᠭᠡ ᠴᠢᠳᠠᠪᠬᠢ ᠪᠠᠨ ᠰᠠᠶᠢᠲᠤᠷ ᠭᠦᠢᠴᠡᠳᠬᠡᠬᠦ ᠶᠠᠪᠤᠳᠠᠯ ᠮᠥᠨ︔ ᠬᠠᠷᠢᠭᠤᠴᠠᠯᠭ᠎ᠠ ᠡᠭᠦᠷᠭᠡᠯᠡᠯ ᠢᠶᠠᠨ | ᠴᠢᠩᠭᠠᠳᠬᠠᠵᠤ᠂ ᠨᠠᠮ ᠤᠨ ᠲᠥᠯᠥᠭᠡ ᠬᠦᠴᠢᠷ ᠵᠣᠪᠠᠭᠤᠷᠢ ᠶᠢ ᠬᠤᠪᠢᠶᠠᠯᠴᠠᠬᠤ᠂ ᠠᠷᠠᠳ ᠤᠨ ᠲᠥᠯᠥᠭᠡ ᠬᠦᠴᠢᠷ | ᠪᠡᠷᠬᠡᠰᠢᠶᠡᠯ ᠢ ᠰᠢᠢᠳᠪᠦᠷᠢᠯᠡᠬᠦ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠶ᠃ ᠡᠭᠦᠷᠭᠡ ᠴᠢᠳᠠᠪᠬᠢ | ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ | ᠠᠩᠬᠠᠷᠤᠯ ᠢᠶᠠᠨ ᠲᠥᠪᠯᠡᠷᠡᠭᠦᠯᠵᠦ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠡᠯ᠎ᠡ ᠵᠦᠢᠯ ᠤᠨ ᠠᠷᠭ᠎ᠠ | ᠬᠡᠮᠵᠢᠶ᠎ᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠶᠡᠷᠦᠩᠬᠡᠶ ᠱᠦᠵᠢ | ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠬᠢᠬᠦ ᠳᠤ ᠬᠦᠴᠦᠨ | ᠨᠡᠮᠡᠷᠢᠯᠡᠬᠦ ᠬᠡᠷᠡᠭᠲᠡᠶ︔ ᠲᠤᠰ ᠪᠡᠶ᠎ᠡ ᠶᠢᠨ ᠪᠠᠶᠢᠭᠤᠯᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠡᠯ᠎ᠡ | ᠵᠦᠶ᠋ᠯ ᠤᠨ ᠠᠵᠢᠯ ᠦᠢᠯᠡᠰ ᠤᠨ ᠲᠣᠭᠲᠠᠭᠤᠨ᠂ ᠦᠷᠭᠦᠯᠵᠢᠯᠡᠭᠰᠡᠨ᠂ ᠥᠨᠳᠥᠷ ᠪᠦᠲᠦᠮᠵᠢᠲᠡᠢ ᠬᠥᠭᠵᠢᠯᠲᠡ ᠶᠢ | ᠠᠬᠢᠭᠤᠯᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠲᠤᠰ | ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠢ ᠣᠶᠢᠯᠠᠭᠠᠵᠤ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠯᠠᠭᠠᠨ ᠵᠠᠭᠠᠯᠮᠠᠶᠢᠳᠠᠨ ᠤ | ᠦᠢᠯᠡᠰ ᠤᠨ ᠬᠥᠭᠵᠢᠯᠲᠡ ᠶᠢ ᠠᠬᠢᠭᠤᠯᠬᠤ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ | ᠬᠡᠷᠡᠭᠵᠢᠭᠦᠯᠵᠦ᠂ ᠨᠡᠶᠢᠭᠡᠮᠯᠢᠭ ᠢ ᠬᠠᠤᠯᠢ ᠶᠣᠰᠣᠭᠠᠷ ᠪᠠᠶᠢᠭᠤᠯᠬᠤ᠂ ᠨᠡᠶᠢᠭᠡᠮᠯᠢᠭ ᠢ ᠵᠠᠰᠠᠬᠤ᠂ ᠨᠡᠶᠢᠭᠡᠮᠯᠢᠭ ᠢ | ᠬᠥᠭᠵᠢᠭᠦᠯᠬᠦ ᠶᠢ ᠪᠠᠷᠢᠮᠲᠠᠯᠠᠵᠤ᠂ ᠤᠯᠠᠨ ᠲᠦᠮᠡᠨ ᠤ ᠢᠲᠡᠭᠡᠮᠵᠢᠲᠡᠢ ᠨᠡᠶᠢᠭᠡᠮ ᠤᠨ ᠠᠪᠤᠷᠠᠨ ᠲᠤᠰᠠᠯᠠᠬᠤ ᠪᠦᠯᠬᠦᠮ ᠢ | ᠪᠦᠬᠦ ᠬᠦᠴᠦᠨ ᠢᠶᠠᠷ ᠢᠶᠠᠨ ᠴᠣᠭᠴᠠᠯᠠᠬᠤ ᠬᠡᠷᠡᠭᠲᠡᠢ᠃ |