| | ᠨᠠᠮ ᠪᠠ ᠤᠯᠤᠰ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠭᠦᠨᠵᠡᠭᠡᠶ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠵᠢᠴᠢ ᠠᠵᠢᠯᠲᠠᠨ ᠠᠵᠢᠯᠴᠢᠨ ᠤ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠲᠤᠬᠠᠶ ᠣᠶᠢᠯᠠᠭᠠᠯᠲᠠ ᠪᠠ | ᠲᠠᠨᠢᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ 4 ᠰᠠᠷ᠎ᠠ ᠶᠢᠨ 11 ᠤ ᠡᠳᠦᠷ᠂ ᠬᠤᠲᠠ ᠶᠢᠨ | ᠵᠡᠬᠦᠨ ᠬᠤᠳᠠ ᠨᠡᠶᠢᠭᠡᠮ ᠲᠣᠭᠤᠷᠢᠭ ᠤᠨ ᠨᠠᠮ ᠤᠨ ᠠᠵᠢᠯ ᠤᠨ ᠬᠤᠷᠢᠶ᠎ᠠ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠨᠠᠮ ᠤᠨ ᠬᠢᠴᠢᠶᠡᠯ ᠤᠨ ᠬᠥᠮᠦᠵᠢᠯ ᠤᠨ ᠠᠵᠢᠯᠯᠠᠭ᠎ᠠ | ᠥᠷᠨᠢᠭᠦᠯᠪᠡ᠃ | ᠲᠤᠰ ᠠᠵᠢᠯᠯᠠᠭ᠎ᠠ ᠳᠤ ᠬᠤᠲᠠ ᠶᠢᠨ ︽ᠠᠨᠠᠷ ᠤᠨ ᠦᠷ᠎ᠡ︾ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ | ᠪᠦᠷᠢᠯᠳᠦᠬᠦᠨ᠂ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠳᠡᠳ᠋ ᠵᠠᠬᠢᠷᠤᠯ᠂ ᠳᠡᠳ᠋ | ᠫᠷᠤᠹᠧᠰᠰᠤᠷ ᠹᠠᠨ ᠬᠤᠩ ᠶᠢᠩ ᠢ ᠣᠨᠴᠠ ᠤᠷᠢᠵᠤ ᠬᠢᠴᠢᠶᠡᠯ ᠣᠷᠣᠭᠤᠯᠪᠠ | ᠲᠤᠰ ᠠᠵᠢᠯᠯᠠᠭ᠎ᠠ ᠳᠤ ᠬᠤᠳᠠ ᠶᠢᠨ ︽ᠠᠨᠠᠷ ᠤᠨ ᠦᠷ᠎ᠡ︾ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ | ᠪᠦᠷᠢᠯᠳᠦᠬᠦᠨ᠂ ᠬᠤᠳᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠳᠡᠳ᠋ ᠵᠠᠬᠢᠷᠤᠯ᠂ ᠳᠡᠳ᠋ | ᠫᠷᠤᠹᠧᠰᠰᠤᠷ ᠹᠠᠨ ᠬᠤᠩ ᠶᠢᠩ ᠢ ᠲᠤᠰᠬᠠᠶᠢᠯᠠᠨ ᠤᠷᠢᠵᠤ ᠬᠢᠴᠢᠶᠡᠯ ᠣᠷᠣᠭᠤᠯᠪᠠ᠃ ᠲᠡᠷᠡ ︽︿ᠲᠠᠪᠤᠨ | ᠬᠠᠮᠲᠤ ᠶᠢᠨ ᠲᠠᠨᠢᠯᠲᠠ﹀ ᠶᠢ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠡᠳᠬᠢᠯ ᠳᠤ ᠬᠠᠳᠠᠩᠰᠢᠭᠤᠯᠰᠤᠭᠠᠢ︾ | ᠪᠠᠷ ᠭᠤᠣᠯ ᠰᠡᠳᠦᠪ ᠪᠣᠯᠭᠠᠵᠤ᠂ ︽ᠲᠠᠪᠤᠨ ᠬᠠᠮᠲᠤ ᠶᠢᠨ ᠲᠠᠨᠢᠯᠲᠠ︾ ᠶᠢᠨ ᠭᠦᠨᠵᠡᠭᠡᠢ ᠠᠭᠤᠯᠤᠭᠳᠠᠬᠤᠨ ᠪᠠ | ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠪᠥᠭᠡᠳ ᠣᠶᠢᠯᠠᠭᠠᠮᠵᠢᠲᠠᠢ ᠲᠣᠳᠣᠷᠬᠠᠶᠢᠯᠠᠨ ᠥᠭᠦᠯᠡᠪᠡ᠃ ᠲᠡᠷᠡ | ᠶᠡᠭᠡ ᠬᠡᠮᠵᠢᠶᠡᠨ ᠤ ᠨᠠᠷᠢᠨ ᠪᠣᠳᠠᠲᠠᠢ ᠲᠡᠦᠬᠡ ᠶᠢᠨ ᠮᠠᠲ᠋ᠧᠷᠢᠶᠠᠯ᠂ ᠠᠮᠢᠳᠤᠯᠢᠭ ᠪᠣᠳᠠᠲᠤ ᠬᠡᠷᠡᠭ ᠤᠨ ᠵᠢᠱᠢᠶ᠎ᠡ ᠪᠠᠷ | ᠳᠠᠮᠵᠢᠭᠤᠯᠤᠨ᠂ ᠮᠠᠨ ᠤ ᠤᠯᠤᠰ ᠤᠨ ᠦᠨᠳᠦᠰᠦᠲᠡᠨ ᠨᠦᠭᠦᠳ ᠤᠨ ᠤᠷᠳᠤ ᠤᠳᠠᠭᠠᠨ ᠲᠡᠦᠬᠡᠨ ᠶᠠᠪᠤᠴᠠ ᠳᠤ ᠵᠢᠷᠭᠠᠯ | ᠵᠣᠪᠠᠯᠠᠩ ᠢᠶᠠᠨ ᠬᠠᠮᠲᠤᠳᠬᠠᠬᠤ᠂ ᠢᠷᠠᠭᠤ ᠠᠯᠳᠠᠷ ᠭᠤᠲᠤᠮᠰᠢᠭ ᠢᠶᠠᠨ ᠬᠠᠮᠲᠤᠳᠬᠠᠬᠤ᠂ ᠦᠬᠦᠵᠦ ᠰᠡᠭᠡᠬᠦ ᠪᠠᠨ | ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠦᠬᠦ | ᠲᠠᠯ᠎ᠠ ᠪᠠᠷ ᠢᠯᠡᠷᠡᠭᠦᠯᠵᠡᠢ᠃ | ᠲᠤᠬᠠᠢ ᠶᠢᠨ ᠲᠠᠯᠠᠪᠠᠢ ᠶᠢᠨ ᠨᠠᠮ ᠤᠨ ᠭᠡᠰᠢᠭᠦᠳ ᠪᠦᠬᠦ ᠠᠩᠬᠠᠷᠤᠯ ᠢᠶᠠᠨ ᠲᠥᠪᠯᠡᠷᠡᠭᠦᠯᠵᠦ᠂ | ᠲᠠᠶᠢᠯᠤᠮᠵᠢ ᠶᠢ ᠨᠠᠷᠢᠨ ᠬᠢᠨᠠᠮᠠᠭᠠᠢ ᠰᠣᠨᠣᠰᠴᠤ᠂ ᠪᠠᠶᠢᠨ ᠪᠠᠶᠢᠨ ᠲᠣᠯᠣᠭᠠᠢ ᠪᠥᠬᠦ᠋ᠢᠨ ᠲᠡᠮᠳᠡᠭᠯᠡᠯ ᠬᠢᠵᠦ ᠪᠠᠶᠢᠯ᠎ᠠ᠃ | ᠠᠬᠠᠮᠠᠳ ᠨᠠᠮ ᠤᠨ ᠭᠡᠰᠢᠭᠦᠨ ᠸᠠᠩ ᠭᠦᠢ᠄ ︽ᠡᠨᠡ ᠤᠳᠠᠭ᠎ᠠ ᠶᠢᠨ ᠠᠵᠢᠯᠯᠠᠭ᠎ᠠ ᠨᠢ ᠨᠠᠳᠠ ᠳᠤ ᠠᠪᠴᠤ | ᠬᠡᠯᠡᠪᠡᠯ᠂ ᠨᠠᠮᠴᠢ ᠴᠢᠨᠠᠷ ᠢ ᠲᠠᠬᠢᠨ ᠪᠣᠯᠪᠠᠰᠤᠷᠠᠭᠤᠯᠬᠤ ᠶᠠᠪᠤᠳᠠᠯ ᠪᠣᠯᠤᠨ᠎ᠠ᠃ ᠠᠬᠠᠮᠠᠳ ᠨᠠᠮ ᠤᠨ ᠭᠡᠰᠢᠭᠦᠨ | ᠪᠣᠯᠤᠭᠰᠠᠨ ᠤ ᠬᠤᠪᠢ ᠳᠤ᠂ ᠪᠢ ᠥᠪᠡᠷ ᠤᠨ ᠡᠭᠦᠷᠭᠡᠯᠡᠵᠦ ᠪᠠᠶᠢᠭ᠎ᠠ ᠬᠠᠷᠢᠭᠤᠴᠠᠯᠭ᠎ᠠ ᠪᠠᠨ ᠨᠡᠩ ᠭᠦᠨᠵᠡᠭᠡᠢ ᠲᠠᠨᠢᠵᠤ | ᠪᠠᠶᠢᠨ᠎ᠠ᠃ ᠡᠳᠦᠷ ᠳᠤᠳᠤᠮ ᠤᠨ ᠨᠡᠶᠢᠭᠡᠮ ᠲᠣᠭᠤᠷᠢᠭ ᠤᠨ ᠠᠮᠢᠳᠤᠷᠠᠯ ᠳᠤᠮᠳᠠ᠂ ᠵᠢᠱᠢᠶᠡᠴᠢ ᠳᠠᠭᠠᠭᠤᠯᠬᠤ | ᠦᠢᠯᠡᠳᠦᠯ ᠢᠶᠠᠨ ᠴᠠᠭ ᠢᠮᠠᠭᠲᠠ ᠪᠠᠳᠠᠷᠠᠭᠤᠯᠵᠤ᠂ ᠦᠨᠳᠦᠰᠦᠲᠡᠨ ᠨᠦᠭᠦᠳ ᠤᠨ ᠬᠤᠭᠤᠷᠣᠨᠳᠣᠬᠢ ᠰᠣᠯᠢᠯᠴᠠᠭ᠎ᠠ᠂ | ᠶᠠᠪᠤᠯᠴᠠᠭ᠎ᠠ᠂ ᠠᠭᠤᠰᠤᠯᠴᠠᠯ ᠢ ᠢᠳᠡᠪᠬᠢᠲᠡᠢ ᠠᠬᠢᠭᠤᠯᠬᠤ ᠬᠡᠷᠡᠭᠲᠡᠢ᠃ ᠨᠡᠶᠢᠭᠡᠮ ᠲᠣᠭᠤᠷᠢᠭ ᠤᠨ ᠦᠨᠳᠦᠰᠦᠲᠡᠨ ᠤ | ᠪᠦᠯᠬᠦᠮᠳᠡᠯ ᠤᠨ ᠠᠵᠢᠯᠯᠠᠭ᠎ᠠ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠴᠥᠭᠡᠨ ᠲᠣᠭᠠᠲᠤ ᠦᠨᠳᠦᠰᠦᠲᠡᠨ ᠤ | ᠰᠠᠭᠤᠭᠠᠯᠢ ᠠᠷᠠᠳ ᠤᠨ ᠠᠮᠢᠳᠤᠷᠠᠯ ᠢ ᠬᠠᠯᠠᠮᠵᠢᠯᠠᠵᠤ᠂ ᠲᠡᠳᠡᠨ ᠤ ᠳᠠᠭᠤᠨ ᠢ ᠰᠣᠨᠣᠰᠤᠶ᠎ᠠ᠃︾ | ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠨᠢ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ | ᠠᠵᠢᠯᠲᠠᠨ ᠠᠵᠢᠯᠴᠢᠨ ᠵᠢᠴᠢ ᠬᠠᠷᠢᠶ᠎ᠠ ᠣᠷᠣᠨ ᠤ ᠨᠠᠮ ᠤᠨ ᠭᠡᠰᠢᠭᠦᠨ ᠢ ᠬᠥᠲᠥᠯᠦᠨ ᠵᠢᠯᠣᠭᠤᠳᠴᠤ ᠪᠠᠶᠢᠭᠠᠳ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠶᠢᠨ ᠭᠤᠤᠯ | ᠴᠢᠬᠤᠯᠠ ᠠᠭᠤᠯᠭ᠎ᠠ ᠶᠢ ᠭᠦᠨᠵᠡᠭᠡᠶ ᠣᠶᠢᠯᠠᠭᠠᠭᠤᠯᠵᠤ᠂ ︽ᠲᠠᠪᠤ ᠶᠢ ᠮᠡᠳᠡᠷᠡᠬᠦ︾ ᠶᠢ ᠰᠡᠳᠬᠢᠯ ᠳᠡᠭᠡᠨ ᠰᠢᠩᠭᠡᠭᠡᠵᠦ᠂ | ᠦᠢᠯᠡ ᠠᠵᠢᠯᠯᠠᠭ᠎ᠠ ᠳᠠᠭᠠᠨ ᠰᠢᠩᠭᠡᠭᠡᠵᠦ᠂ ᠬᠤᠶᠢᠰᠢᠳᠠ ᠶᠢᠨ ᠠᠵᠢᠯ ᠪᠠ ᠠᠮᠢᠳᠤᠷᠠᠯ ᠳᠤᠮᠳᠠ ᠪᠠᠨ ᠪᠣᠳᠠᠲᠤ | ᠠᠵᠢᠯᠯᠠᠭ᠎ᠠ ᠪᠠᠷ ᠢᠶᠠᠨ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠵᠤ᠂ ᠡᠶ᠎ᠡ ᠵᠣᠬᠢᠴᠠᠯ ᠲᠠᠢ ᠨᠡᠶᠢᠭᠡᠮ ᠲᠣᠭᠤᠷᠢᠭ ᠢ | ᠪᠥᠲᠥᠭᠡᠨ ᠪᠠᠶᠢᠭᠤᠯᠬᠤ᠂ ᠮᠠᠨ ᠤ ᠬᠤᠲᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠦᠴᠦᠨ | ᠴᠢᠳᠠᠯ ᠢᠶᠠᠨ ᠡᠷᠭᠦᠬᠦ ᠶᠢᠨ ᠲᠥᠯᠥᠭᠡ ᠶᠤᠮ᠃ | |