| | ᠬᠢᠲᠠᠳ ᠮᠣᠩᠭᠤᠯ ᠬᠤᠶᠠᠷ ᠤᠯᠤᠰ ᠠᠭᠤᠯᠠ ᠤᠰᠤ ᠪᠠᠷ ᠵᠠᠯᠭᠠᠯᠳᠣᠨᠠ᠃ ᠬᠤᠶᠠᠷ ᠤᠯᠤᠰ ᠤᠨ ᠵᠠᠯᠠᠭᠤᠴᠤᠳ | ᠪᠠᠭᠠᠴᠤᠳ ᠬᠠᠮᠲᠤ ᠶᠢᠨ ᠭᠡᠷ ᠣᠷᠣᠨ ᠢᠶᠠᠨ ᠰᠠᠬᠢᠨ ᠬᠠᠮᠠᠭᠠᠯᠠᠵᠤ᠂ ᠪᠣᠬᠢᠷᠲᠤᠯ ᠦᠭᠡᠢ ᠪᠣᠯᠪᠠᠰᠤᠨ ᠢ ᠤᠯᠠᠮᠵᠢᠯᠠᠨ | ᠵᠠᠯᠭᠠᠮᠵᠢᠯᠠᠬᠤ ᠲᠡᠦᠬᠡᠲᠦ ᠡᠭᠦᠷᠭᠡ ᠶᠢ ᠡᠭᠦᠷᠭᠡᠯᠡᠵᠦ ᠪᠠᠶᠢᠨ᠎ᠠ᠃ 4 ᠰᠠᠷ᠎ᠠ ᠶᠢᠨ 14 ᠤ ᠡᠳᠦᠷ᠂ ︽ᠳᠤᠮᠳᠠᠳᠤ ᠮᠣᠩᠭᠤᠯ ᠤᠨ | ᠵᠠᠯᠠᠭᠤᠴᠤᠳ ᠪᠠᠭᠠᠴᠤᠳ ᠤᠨ ᠠᠮᠢ ᠠᠬᠤᠢ ᠶᠢᠨ ᠪᠣᠯᠪᠠᠰᠤᠨ ᠤ ᠰᠠᠨᠠᠭᠠᠴᠢᠯᠠᠭ᠎ᠠ ᠵᠢᠴᠢ ︽ᠳᠤᠮᠳᠠᠳᠤ ᠮᠣᠩᠭᠤᠯ ᠤᠨ | ᠵᠠᠯᠠᠭᠤᠴᠤᠳ ᠤᠨ ᠨᠥᠬᠦᠷᠯᠡᠯ ᠤᠨ ᠤᠢ ᠶᠢ ᠬᠠᠮᠲᠤ ᠪᠠᠷ ᠴᠣᠭᠴᠠᠯᠠᠬᠤ︾ ᠠᠵᠢᠯᠯᠠᠭ᠎ᠠ ᠳᠤᠮᠳᠠᠳᠤ ᠮᠣᠩᠭᠤᠯ ᠤᠨ ᠨᠥᠬᠦᠷᠰᠡᠭ | ᠬᠠᠮᠲᠤᠷᠠᠯᠴᠠᠭᠠᠨ ᠤ ᠢᠷᠡᠭᠡᠳᠦᠢ ᠶᠢᠨ ᠦᠯᠢᠭᠡᠷ ᠳᠠᠭᠤᠷᠢᠶᠠᠯ ᠲᠠᠢ ᠳᠤᠮᠳᠠᠳᠤ ᠮᠣᠩᠭᠤᠯ ᠤᠨ ᠠᠵᠤ ᠠᠬᠤᠢ ᠶᠢᠨ | ᠬᠠᠮᠲᠤᠷᠠᠯᠴᠠᠭᠠᠨ ᠤ ᠲᠣᠭᠤᠷᠢᠭ ᠲᠤ ᠶᠠᠪᠤᠭᠳᠠᠪᠠ᠃ | | | | | | | ᠮᠣᠳᠣ ᠲᠠᠷᠢᠬᠤ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠳᠤᠮᠳᠠᠳᠤ ᠮᠣᠩᠭᠤᠯ ᠬᠤᠶᠠᠷ ᠤᠯᠤᠰ ᠤᠨ ᠵᠠᠯᠠᠭᠤ | ᠰᠤᠷᠤᠭᠴᠢᠳ ᠤᠨ ᠲᠥᠯᠥᠭᠡᠯᠡᠭᠴᠢ ᠬᠠᠷᠢᠯᠴᠠᠨ ᠬᠠᠮᠵᠢᠯᠴᠠᠨ ᠨᠦᠬᠡ ᠮᠠᠯᠲᠠᠵᠤ᠂ ᠴᠢᠬᠢ ᠰᠠᠭᠤᠯᠭᠠᠵᠤ᠂ ᠰᠢᠷᠣᠢ ᠳᠠᠷᠤᠵᠤ ᠁ | ᠬᠠᠪᠤᠷ ᠤᠨ ᠰᠠᠯᠬᠢᠨ ᠳᠤ ᠨᠣᠭᠤᠭᠠᠨ ᠬᠦᠰᠡᠯ ᠢ ᠠᠴᠢᠶᠠᠯᠠᠨ᠂ ᠨᠥᠬᠦᠷᠯᠡᠯ ᠪᠣᠯᠤᠨ ᠬᠠᠮᠲᠤᠷᠠᠯᠴᠠᠭ᠎ᠠ ᠶᠢ ᠪᠡᠯᠬᠡᠳᠡᠵᠦ ᠪᠠᠶᠢᠭ᠎ᠠ | ︽ᠵᠠᠯᠠᠭᠤᠴᠤᠳ ᠤᠨ ᠨᠥᠬᠦᠷᠯᠡᠯ ᠤᠨ ᠣᠢ︾ ᠶᠢ ᠲᠠᠷᠢᠵᠤ᠂ ᠳᠤᠮᠳᠠᠳᠤ ᠮᠣᠩᠭᠤᠯ ᠬᠤᠶᠠᠷ ᠤᠯᠤᠰ ᠤᠨ ᠭᠠᠳᠠᠭᠠᠳᠤ | ᠬᠠᠷᠢᠯᠴᠠᠭ᠎ᠠ ᠪᠠᠶᠢᠭᠤᠯᠣᠭᠰᠠᠨ 76 ᠵᠢᠯ ᠤᠨ ᠣᠢ ᠶᠢ ᠪᠡᠯᠬᠡᠳᠡᠬᠦ ᠶᠢᠨ ᠬᠠᠮᠲᠤ ᠥᠪᠡᠷ ᠤᠨ ᠪᠡᠶ᠎ᠡ ᠪᠠᠷ ᠢᠶᠠᠨ ᠲᠠᠷᠢᠭᠰᠠᠨ | ᠵᠤᠯᠵᠠᠭ᠎ᠠ ᠮᠣᠳᠣ ᠲᠠᠢ ᠪᠠᠨ ᠬᠠᠮᠲᠤ ᠶᠢᠨ ᠰᠡᠭᠦᠳᠡᠷ ᠲᠠᠲᠠᠭᠤᠯᠵᠤ ᠳᠣᠷᠠᠰᠬᠠᠯ ᠦᠯᠡᠳᠡᠭᠡᠪᠡ᠃ | ᠡᠷᠢᠶᠡᠨ ᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠰᠤᠷᠤᠭᠴᠢ ᠯᠢᠦ ᠱᠦᠸᠧ ᠬᠡᠯᠡᠬᠦ ᠳᠡᠭᠡᠨ᠄ ︽ | ᠥᠨᠥᠳᠦᠷ ᠮᠣᠩᠭᠤᠯ ᠤᠯᠤᠰ ᠤᠨ ᠬᠠᠮᠲᠤ ᠰᠤᠷᠤᠭᠴᠢᠳ ᠲᠠᠢ ᠬᠠᠮᠲᠤ ᠪᠠᠷ ᠨᠢᠭᠡ ᠰᠠᠭᠤᠷᠢ ᠬᠠᠶᠢᠯᠠᠰᠤᠨ ᠮᠣᠳᠣ ᠲᠠᠷᠢᠵᠠᠢ᠂ | ᠮᠠᠨ ᠤ ᠨᠥᠬᠦᠷᠯᠡᠯ ᠶᠠᠭ ᠨᠣᠭᠤᠭᠠᠨ ᠮᠣᠳᠣ ᠰᠢᠭ᠋ ᠢᠳᠡᠷᠡᠭᠦᠨ ᠢᠶᠠᠷ ᠦᠰᠦᠨ ᠪᠤᠶᠢᠵᠢᠵᠤ᠂ ᠬᠤᠶᠠᠷ ᠤᠯᠤᠰ ᠤᠨ ᠨᠥᠬᠦᠷᠯᠡᠯ | ᠵᠠᠯᠠᠭᠤᠴᠤᠳ ᠪᠠᠭᠠᠴᠤᠳ ᠤᠨ ᠳᠡᠮᠵᠢᠯᠭᠡ ᠳᠣᠣᠷ᠎ᠠ ᠥᠨᠢ ᠤᠳᠠᠭᠠᠨ ᠣᠷᠣᠰᠢᠬᠤ ᠶᠢ ᠬᠦᠰᠡᠵᠦ ᠪᠠᠶᠢᠨ᠎ᠠ︾ ᠭᠡᠵᠦ ᠬᠡᠯᠡᠪᠡ᠃ | | | | | ᠮᠣᠩᠭᠤᠯ ᠤᠯᠤᠰ ᠤᠨ ᠤᠯᠠᠭᠠᠨᠪᠠᠭᠠᠲᠤᠷ ᠬᠤᠲᠠ ᠶᠢᠨ ᠬᠠᠨ ᠠᠭᠤᠯᠠ ᠲᠣᠭᠤᠷᠢᠭ ᠤᠨ ᠠᠷᠪᠠᠨ ᠲᠠᠪᠤᠳᠤᠭᠠᠷ | ᠶᠡᠷᠦᠩᠬᠡᠶᠢᠯᠡᠭᠰᠡᠨ ᠰᠤᠷᠭᠠᠭᠤᠯᠢ ᠶᠢᠨ ᠰᠣᠷᠣᠭᠴᠢ ᠯᠾᠮᠣᠠᠷᠳᠡᠨᠢ ᠶᠢᠨ ᠬᠡᠯᠡᠬᠦ ᠳᠡᠭᠡᠨ᠄ ︽ᠮᠠᠨ ᠤ ᠬᠤᠶᠠᠷ ᠤᠯᠤᠰ ᠤᠨ | ᠵᠠᠯᠠᠭᠤᠴᠤᠳ ᠪᠠᠭᠠᠴᠤᠳ ᠠᠮᠢ ᠠᠬᠤᠢ ᠶᠢᠨ ᠬᠠᠮᠲᠤᠷᠠᠯᠴᠠᠭᠠᠨ ᠤ ᠦᠢᠯᠡᠳᠦᠯᠭᠡᠵᠢᠭᠦᠯᠦᠭᠴᠢ ᠪᠣᠯᠵᠤ᠂ ᠨᠣᠭᠤᠭᠠᠨ ᠲᠣᠷᠭᠠᠨ | ᠵᠠᠮ ᠤᠨ ᠬᠠᠮᠠᠭᠠᠯᠠᠭᠴᠢ ᠪᠣᠯᠵᠤ᠂ ᠵᠠᠯᠠᠭᠤ ᠨᠠᠰᠤᠨ ᠤ ᠨᠡᠷ᠎ᠡ ᠪᠠᠷ ᠲᠠᠯ᠎ᠠ ᠨᠤᠲᠤᠭ ᠢᠶᠠᠨ ᠰᠠᠬᠢᠨ ᠬᠠᠮᠠᠭᠠᠯᠠᠵᠤ᠂ ᠣᠢ ᠰᠢᠭᠤᠢ | ᠬᠢᠭᠡᠳ ᠭᠤᠣᠯ ᠮᠥᠷᠡᠨ ᠢ ᠰᠠᠬᠢᠨ ᠬᠠᠮᠠᠭᠠᠯᠠᠵᠤ ᠪᠠᠶᠢᠨ᠎ᠠ︾ ᠭᠡᠵᠡᠢ᠃ | | | | | ᠡᠷᠲᠡᠨ ᠤ ᠲᠣᠷᠭᠠᠨ ᠵᠠᠮ ᠤᠨ ᠲᠡᠮᠡᠭᠡᠨ ᠵᠢᠩ ᠤᠨ ᠲᠠᠭᠤᠨ ᠠᠴᠠ ᠥᠨᠥᠳᠦᠷ ᠤᠨ ︽ᠨᠢᠭᠡ ᠪᠦᠰᠡ ᠨᠢᠭᠡ ᠵᠠᠮ︾ ᠤᠨ | ᠰᠠᠨᠠᠭᠠᠴᠢᠯᠠᠭ᠎ᠠ ᠭᠠᠷ ᠬᠤᠯᠪᠣᠨ ᠬᠠᠮᠲᠤ ᠪᠠᠷ ᠤᠷᠤᠭᠰᠢᠯᠠᠬᠤ ᠬᠦᠷᠲᠡᠯ᠎ᠡ᠂ ᠬᠤᠶᠠᠷ ᠤᠯᠤᠰ ᠤᠨ ᠵᠠᠯᠠᠭᠤᠴᠤᠳ ᠪᠠᠭᠠᠴᠤᠳ | ᠠᠵᠤ ᠠᠬᠤᠢ ᠶᠢᠨ ᠣᠷᠣᠨ ᠪᠦᠰᠡ ᠶᠢᠨ ᠬᠠᠮᠲᠤᠷᠠᠯᠴᠠᠭ᠎ᠠ ᠳᠤ ᠬᠦᠴᠦᠨ ᠨᠡᠮᠡᠷᠢᠯᠡᠬᠦ᠂ ᠨᠣᠭᠤᠭᠠᠷᠠᠭᠤᠯᠬᠤ ᠶᠢ ᠬᠠᠮᠠᠭᠠᠯᠠᠬᠤ | ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ᠂ ᠰᠣᠶᠣᠯ ᠰᠤᠷᠭᠠᠨ ᠬᠥᠮᠦᠵᠢᠯ ᠤᠨ ᠰᠣᠯᠢᠯᠴᠠᠭ᠎ᠠ ᠠᠶᠢᠯᠴᠢᠯᠠᠯᠲᠠ ᠵᠡᠷᠭᠡ | ᠠᠵᠢᠯᠯᠠᠭ᠎ᠠ ᠳᠤ ᠰᠣᠯᠢᠯᠴᠠᠭ᠎ᠠ ᠶᠠᠪᠤᠯᠴᠠᠭ᠎ᠠ ᠪᠠ ᠵᠠᠯᠠᠭᠤ ᠨᠠᠰᠤᠨ ᠤ ᠰᠢᠨ᠎ᠡ ᠬᠠᠭᠤᠳᠠᠰᠤ ᠶᠢ ᠪᠢᠴᠢᠭᠯᠡᠪᠡ᠃ ︽ | ᠵᠠᠯᠠᠭᠤᠴᠤᠳ ᠤᠨ ᠨᠥᠬᠦᠷᠯᠡᠯ ᠤᠨ ᠤᠢ︾ ᠠᠵᠢᠯᠯᠠᠭ᠎ᠠ ᠶᠢ ᠡᠷᠬᠢᠯᠡᠬᠦ ᠪᠠᠷ ᠳᠠᠮᠵᠢᠭᠤᠯᠵᠤ᠂ ᠬᠤᠶᠠᠷ ᠤᠯᠤᠰ ᠤᠨ | ᠵᠠᠯᠠᠭᠤᠴᠤᠳ ᠪᠠᠭᠠᠴᠤᠳ ᠮᠣᠳᠣ ᠲᠠᠷᠢᠬᠤ ᠪᠠᠷ ᠵᠠᠭᠤᠴᠢ ᠪᠣᠯᠭᠠᠵᠤ᠂ ᠤᠢ ᠰᠢᠭᠤᠢ ᠪᠠᠷ ᠨᠥᠬᠦᠷᠯᠡᠯ ᠪᠣᠯᠭᠠᠵᠤ᠂ ᠤᠯᠤᠰ ᠤᠨ | ᠬᠢᠯᠢ ᠠᠯᠤᠰᠯᠠᠬᠤ ᠤᠶᠤᠨ ᠰᠠᠨᠠᠭᠠᠨ ᠤ ᠬᠥᠭᠦᠷᠭᠡ ᠶᠢ ᠪᠤᠰᠬᠠᠵᠤ᠂ ᠬᠤᠶᠠᠷ ᠤᠯᠤᠰ ᠤᠨ ᠰᠣᠶᠣᠯ ᠢᠷᠭᠡᠨᠰᠢᠯ ᠤᠨ | ᠰᠣᠯᠢᠯᠴᠠᠭ᠎ᠠ ᠪᠣᠯᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ | ᠳᠤᠮᠳᠠᠳᠤ ᠮᠣᠩᠭᠤᠯ ᠤᠨ ᠨᠥᠬᠦᠷᠰᠡᠭ ᠤᠯᠠᠮᠵᠢᠯᠠᠭᠴᠢ᠂ ᠪᠣᠬᠢᠷᠲᠤᠯ ᠦᠭᠡᠢ ᠬᠥᠭᠵᠢᠯᠲᠡ ᠶᠢᠨ ᠦᠢᠯᠡᠳᠦᠯᠭᠡᠵᠢᠭᠦᠯᠦᠭᠴᠢ᠂ | ᠪᠣᠯᠪᠠᠰᠤᠨ ᠤ ᠬᠠᠷᠢᠯᠴᠠᠨ ᠲᠤᠯᠢ ᠪᠣᠯᠬᠤ ᠪᠠᠷ ᠴᠢᠷᠮᠠᠶᠢᠵᠤ᠂ ᠳᠤᠮᠳᠠᠳᠤ ᠮᠣᠩᠭᠤᠯ ᠬᠤᠶᠠᠷ ᠤᠯᠤᠰ ᠤᠨ ᠴᠢᠨᠠᠷ ᠰᠠᠶᠢᠲᠠᠢ | ᠬᠥᠭᠵᠢᠯᠲᠡ᠂ ︽ᠨᠢᠭᠡ ᠪᠦᠰᠡ ᠨᠢᠭᠡ ᠵᠠᠮ︾ ᠤᠨ ᠪᠦᠳᠦᠭᠡᠨ ᠪᠠᠶᠢᠭᠤᠯᠤᠯᠲᠠ ᠳᠤ ᠵᠠᠯᠠᠭᠤ ᠨᠠᠰᠤᠨ ᠤ ᠬᠦᠴᠦᠨ | ᠴᠢᠳᠠᠯ ᠢᠶᠠᠨ ᠡᠷᠭᠦᠨ᠎ᠡ᠃ | ᠮᠠᠨ ᠤ ᠬᠤᠲᠠ ᠮᠣᠩᠭᠤᠯ ᠤᠯᠤᠰ ᠤᠨ ᠤᠯᠠᠭᠠᠨᠪᠠᠭᠠᠲᠤᠷ ᠬᠤᠲᠠ ᠶᠢᠨ ᠬᠠᠨ ᠠᠭᠤᠯᠠ ᠲᠣᠭᠤᠷᠢᠭ᠂ ᠳᠣᠷᠣᠨᠠᠭᠤᠪᠢ | ᠠᠶᠢᠮᠠᠭ ᠤᠨ ᠵᠠᠮ ᠤᠨ ᠡᠭᠦᠳᠡ ᠬᠤᠲᠠ ᠲᠠᠢ ᠳᠤᠮᠳᠠᠳᠤ ᠮᠣᠩᠭᠤᠯ ᠤᠨ ᠨᠥᠬᠦᠷᠰᠡᠭ ᠬᠤᠲᠠ ᠪᠣᠯᠪᠠ᠃ ᠮᠠᠨ ᠤ ᠬᠤᠲᠠ ᠶᠢᠨ | ᠬᠤᠶᠠᠳᠤᠭᠠᠷ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠲᠥᠯᠥᠭᠡᠯᠡᠭᠴᠢ ᠨᠢᠭᠡᠳᠦᠭᠡᠷ ᠳᠤᠮᠳᠠᠳᠤ ᠰᠤᠷᠭᠠᠭᠤᠯᠢ᠂ | ᠭᠤᠷᠪᠠᠳᠤᠭᠠᠷ ᠳᠤᠮᠳᠠᠳᠤ ᠰᠤᠷᠭᠠᠭᠤᠯᠢ᠂ ᠲᠠᠪᠤᠳᠤᠭᠠᠷ ᠪᠠᠭ᠎ᠠ ᠰᠤᠷᠭᠠᠭᠤᠯᠢ ᠶᠢᠨ ᠮᠣᠩᠭᠤᠯ ᠤᠯᠤᠰ ᠤᠨ ᠭᠠᠳᠠᠭᠠᠳᠤ ᠳᠤ | ᠰᠤᠷᠤᠯᠴᠠᠬᠤ ᠰᠤᠷᠤᠭᠴᠢ ᠶᠢᠨ ᠲᠥᠯᠥᠭᠡᠯᠡᠭᠴᠢ᠂ ᠤᠯᠠᠭᠠᠨᠪᠠᠭᠠᠲᠤᠷ ᠬᠤᠲᠠ ᠶᠢᠨ ᠬᠠᠨ ᠠᠭᠤᠯᠠ ᠲᠣᠭᠤᠷᠢᠭ ᠤᠨ ᠵᠠᠯᠠᠭᠤ | ᠰᠤᠷᠤᠭᠴᠢᠳ ᠤᠨ ᠲᠥᠯᠥᠭᠡᠯᠡᠭᠴᠢ᠂ ᠳᠣᠷᠣᠨᠠᠭᠤᠪᠢ ᠠᠶᠢᠮᠠᠭ ᠤᠨ ᠵᠠᠮ ᠤᠨ ᠡᠭᠦᠳᠡ ᠬᠤᠲᠠ ᠶᠢᠨ ᠵᠠᠯᠠᠭᠤ | ᠰᠤᠷᠤᠭᠴᠢᠳ ᠤᠨ ᠲᠥᠯᠥᠭᠡᠯᠡᠭᠴᠢ ᠲᠠᠢ ᠬᠠᠮᠲᠤ ᠠᠵᠢᠯᠯᠠᠭ᠎ᠠ ᠳᠤ ᠣᠷᠣᠯᠴᠠᠪᠠ᠃ |