4 ᠰᠠᠷ᠎ᠠ ᠶᠢᠨ 15 ᠤ ᠡᠳᠦᠷ᠂ ᠲᠣᠮᠣ ᠬᠡᠯᠪᠡᠷᠢ ᠶᠢᠨ ᠮᠠᠯᠲᠠᠭᠤᠷ ᠮᠠᠰᠢᠨ ᠰᠢᠷᠣᠢ ᠮᠠᠯᠲᠠᠬᠤ ᠳᠠᠭᠤᠨ ᠤ | ᠳᠤᠮᠳᠠ᠂ ᠶᠡᠷᠦᠩᠬᠡᠢ ᠪᠡᠯᠡ ᠣᠷᠣᠭᠤᠯᠤᠯᠲᠠ ᠨᠢ 2.8 ᠳ᠋ᠦᠩᠰᠢᠭᠤᠷ ᠲᠥᠭᠦᠷᠢᠭ ᠤᠨ ᠬᠡᠢ ᠴᠠᠷᠳᠠᠮᠠᠯ ᠴᠠᠪᠠᠤ ᠶᠢᠨ | ᠢᠯᠴᠢ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠲᠥᠷᠥᠯ ᠵᠦᠢᠯ ᠮᠠᠨ ᠤ ᠬᠤᠲᠠ ᠳᠤ ᠠᠵᠢᠯ ᠡᠬᠢᠯᠡᠪᠡ᠃ | ᠲᠤᠰ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠠᠯ᠎ᠠ ᠶᠢᠨ ᠥᠪᠥᠷ ᠮᠣᠩᠭᠤᠯ ᠤᠨ ᠯᠠᠩ ᠶᠢᠩ | ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠪᠣᠯ ᠰᠤᠳᠤᠯᠤᠨ ᠨᠡᠭᠡᠭᠡᠬᠦ᠂ ᠦᠢᠯᠡᠳᠪᠦᠷᠢᠯᠡᠬᠦ᠂ ᠬᠡᠷᠡᠭᠯᠡᠬᠦ ᠪᠠ | ᠦᠢᠯᠡᠴᠢᠯᠡᠬᠦ ᠶᠢ ᠨᠢᠭᠡ ᠴᠤᠬᠴᠠᠵᠢᠭᠤᠯᠤᠬᠰᠠᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠣᠯᠤᠨ᠎ᠠ᠂ | ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠬᠤᠰᠢᠭᠤᠨ ᠤ | ᠳᠣᠣᠷᠠᠬᠢ ᠦᠬᠠᠨ ᠤ ᠵᠦᠩ ᠰᠢᠨ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ | ᠬᠢᠵᠠᠭᠠᠷᠲᠤ ᠺᠣᠮᠫᠠᠨᠢ ᠶᠢᠨ ᠪᠦᠬᠦ ᠪᠡᠯᠡ ᠶᠢᠨ ᠬᠤᠪᠢᠶᠠᠷᠢ ᠺᠣᠮᠫᠠᠨᠢ ᠪᠣᠯᠤᠨ᠎ᠠ᠃ ᠬᠡᠢ ᠴᠠᠷᠴᠠᠮᠠᠯ ᠴᠠᠪᠠᠤ ᠶᠢᠨ ᠢᠯᠴᠢ | ᠬᠥᠨᠳᠡᠶᠢᠷᠡᠭᠦᠯᠬᠦ ᠪᠦᠲᠦᠭᠡᠭᠳᠡᠬᠦᠨ ᠤ ᠦᠢᠯᠡᠳᠪᠦᠷᠢᠯᠡᠯ ᠤᠨ ᠲᠥᠷᠥᠯ ᠵᠦᠢᠯ ᠪᠣᠯ ᠮᠠᠨ ᠤ ᠬᠤᠲᠠ ᠶᠢᠨ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠭᠤᠣᠯᠳᠠᠯᠭ᠎ᠠ ᠲᠠᠢ ᠲᠥᠷᠥᠯ ᠵᠦᠢᠯ ᠤᠨ ᠨᠢᠭᠡ ᠪᠠᠶᠢᠵᠤ᠂ | ᠭᠤᠣᠯᠳᠠᠭᠤ ᠴᠠᠬᠢᠭᠤᠷ ᠤᠨ ᠳᠠᠪᠬᠤᠷ ᠢᠰᠦᠯ ᠤᠨ ᠴᠠᠪᠠᠤ ᠶᠢᠨ ᠨᠤᠨᠳᠠᠭ ᠪᠠ ᠬᠡᠶᠢᠲᠦ ᠴᠠᠪᠠᠤ ᠶᠢᠨ ᠢᠰᠬᠡᠭᠦᠷ ᠤᠨ | ᠦᠢᠯᠡᠳᠪᠦᠷᠢᠯᠡᠯ ᠤᠨ ᠱᠤᠭᠤᠮ ᠢ ᠪᠦᠲᠦᠭᠡᠨ ᠪᠠᠶᠢᠭᠤᠯᠵᠤ᠂ ᠥᠨᠳᠥᠷ ᠦᠷ᠎ᠡ ᠠᠰᠢᠭ ᠲᠠᠢ ᠬᠡᠶᠢᠲᠦ ᠴᠠᠪᠠᠤ ᠶᠢᠨ | ᠭᠠᠯ ᠳᠤ ᠲᠡᠰᠪᠦᠷᠢᠲᠡᠢ ᠮᠠᠲ᠋ᠧᠷᠢᠶᠠᠯ ᠪᠠ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠮᠠᠲ᠋ᠧᠷᠢᠶᠠᠯ ᠵᠡᠷᠭᠡ | ᠪᠦᠲᠦᠭᠡᠭᠳᠡᠬᠦᠨ ᠢ ᠦᠢᠯᠡᠳᠪᠦᠷᠢᠯᠡᠵᠦ᠂ ᠵᠢᠯ ᠳᠤ 4 ᠲᠦᠮᠡᠨ ᠪᠣᠰᠤᠭ᠎ᠠ ᠳᠥᠷᠪᠡᠯᠵᠢᠨ ᠮᠧᠲᠷ ᠴᠠᠬᠢᠭᠤᠷ ᠤᠨ | ᠦᠨᠳᠦᠰᠦᠨ ᠬᠡᠢ ᠶᠢᠨ ᠴᠠᠷᠳᠠᠭᠤᠯ ᠤᠨ ᠮᠠᠲ᠋ᠧᠷᠢᠶᠠᠯ ᠢ ᠦᠢᠯᠡᠳᠪᠦᠷᠢᠯᠡᠨ᠎ᠡ᠃ ᠴᠠᠷᠴᠠᠮᠠᠯ ᠴᠠᠪᠠᠤ ᠪᠣᠯ ᠤᠯᠤᠰ ᠤᠨ | ᠰᠠᠭᠤᠷᠢ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠡᠮᠦᠨ᠎ᠡ ᠵᠠᠬ᠎ᠠ ᠶᠢᠨ ᠰᠢᠨ᠎ᠡ ᠮᠠᠲ᠋ᠧᠷᠢᠶᠠᠯ ᠪᠣᠯᠤᠨ᠎ᠠ᠂ ᠬᠤᠣᠰ | ᠨᠡᠭᠦᠷᠡᠰᠦᠲᠥ᠋ᠷᠥᠭᠴᠢᠳᠤ ᠬᠠᠷᠠᠯᠲᠠ ᠶᠢ ᠪᠡᠶᠡᠯᠡᠭᠦᠯᠬᠦ᠂ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠬᠤ ᠳᠤ ᠴᠢᠬᠤᠯᠠ | ᠪᠠᠶᠢᠯᠳᠤᠬᠤ ᠪᠤᠳᠤᠯᠭ᠎ᠠ ᠶᠢᠨ ᠠᠴᠢ ᠬᠤᠯᠪᠣᠭᠳᠠᠯ ᠲᠠᠢ ᠶᠤᠮ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ | ᠮᠠᠨ ᠤ ᠬᠤᠲᠠ ᠶᠢᠨ ᠠᠵᠤ ᠦᠢᠯᠡᠰ ᠤᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠠᠵᠤ | ᠦᠢᠯᠡᠰ ᠤᠨ ᠬᠥᠭᠵᠢᠯᠲᠡ ᠶᠢᠨ ᠬᠡᠯᠬᠢᠶ᠎ᠡ ᠶᠢ ᠪᠦᠲᠦᠮᠵᠢᠲᠡᠶ ᠨᠥᠬᠦᠪᠥᠷᠢᠯᠡᠵᠦ᠂ ᠪᠣᠭᠤᠮᠲᠠ ᠶᠢᠨ ᠰᠢᠨ᠎ᠡ ᠶᠠᠰᠤ | ᠴᠢᠨᠠᠷ ᠤᠨ ᠦᠢᠯᠡᠳᠪᠦᠷᠢᠯᠡᠯ ᠤᠨ ᠬᠦᠴᠦᠨ ᠲᠡᠰᠢ ᠤᠷᠤᠭᠰᠢᠯᠠᠬᠤ ᠶᠢ ᠠᠬᠢᠭᠤᠯᠬᠤ ᠪᠣᠯᠤᠨ᠎ᠠ᠃ | ᠬᠦᠷᠢᠶᠡᠯᠡᠩ ᠲᠣᠭᠤᠷᠢᠭ ᠢᠶᠠᠷ ᠠᠵᠤ ᠦᠢᠯᠡᠰ ᠢ ᠬᠥᠭᠵᠢᠭᠦᠯᠵᠦ᠂ ᠲᠥᠷᠥᠯ ᠵᠦᠢᠯ ᠢᠶᠠᠷ ᠬᠥᠭᠵᠢᠯᠲᠡ ᠶᠢ | ᠳᠡᠮᠵᠢᠵᠦ᠂ ᠡᠨᠡ ᠵᠢᠯ ᠠᠴᠠ ᠨᠠᠰᠢ᠂ ᠮᠠᠨ ᠤ ᠬᠤᠲᠠ ᠲᠥᠷᠥᠯ ᠵᠦᠢᠯ ᠢᠶᠠᠷ ᠭᠤᠤᠯ ᠪᠣᠯᠭᠠᠬᠤ ᠣᠶᠢᠯᠠᠭᠠᠭᠳᠠᠬᠤᠨ ᠢ | ᠪᠠᠲᠤ ᠪᠠᠬᠢ ᠪᠣᠶ ᠪᠣᠯᠭᠠᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠪᠠᠷ | ᠬᠥᠭᠵᠢᠯᠲᠡ ᠶᠢᠨ ᠨᠢᠭᠡᠳᠦᠭᠡᠷ ᠬᠥᠳᠡᠯᠭᠡᠭᠦᠷ ᠪᠣᠯᠭᠠᠵᠤ᠂ ᠨᠢᠭᠡ ᠪᠦᠯᠦᠭ ᠰᠢᠨ᠎ᠡ ᠡᠨᠧᠷᠭᠢ ᠳᠤ ᠬᠤᠯᠪᠣᠭᠳᠠᠬᠤ | ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠶᠠᠭ ᠲᠦᠷᠭᠡᠨ | ᠲᠠᠰᠢᠭᠤᠷᠳᠠᠵᠤ᠂ ᠨᠢᠭᠡ ᠪᠦᠯᠦᠭ ᠰᠢᠨ᠎ᠡ ᠠᠵᠤ ᠦᠢᠯᠡᠰ᠂ ᠮᠡᠷᠭᠡᠵᠢᠯ ᠤᠨ ᠠᠭᠤᠯᠤᠭᠳᠠᠴᠠ ᠪᠠᠷ ᠥᠨᠳᠥᠷ ᠴᠢᠬᠤᠯᠠ | ᠶᠡᠭᠡ ᠲᠥᠷᠥᠯ ᠵᠦᠢᠯ ᠵᠠᠯᠭᠠᠭ᠎ᠠ ᠪᠠᠷ ᠦᠷ᠎ᠡ ᠪᠦᠲᠦᠮᠵᠢ ᠣᠯᠵᠤ᠂ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢᠨ ᠥᠩᠭᠡ ᠦᠵᠡᠮᠵᠢ ᠲᠠᠢ ᠪᠣᠯᠵᠣ᠂ ᠮᠠᠨ ᠤ ᠬᠤᠲᠠ ᠶᠢᠨ ᠠᠵᠤ ᠦᠢᠯᠡᠰ ᠤᠨ ᠬᠥᠭᠵᠢᠯᠲᠡ ᠶᠢ | ᠶᠠᠭ ᠰᠢᠨ᠎ᠡ ᠠᠶᠠᠨ ᠵᠠᠮ ᠳᠤ ᠣᠷᠣᠭᠤᠯᠵᠤ ᠪᠠᠶᠢᠨ᠎ᠠ᠃ |