【 ᠠᠷᠠᠳ ᠨᠡᠶᠢᠲᠡ ᠶᠢᠨ ᠤᠯᠤᠰ ᠤᠨ ᠠᠮᠤᠷ ᠲᠦᠪᠰᠢᠨ ᠤ ᠬᠦᠮᠦᠵᠢᠯ 】 ᠮᠠᠨ ᠤ ᠬᠤᠲᠠ 2025 ᠣᠨ ᠤ ︽4 · 15︾ ᠤ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠰᠢᠷᠢᠰ ᠤᠬᠠᠭᠤᠯᠭ᠎ᠠ ᠶᠢᠨ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2025/4/16
     4 ᠰᠠᠷ᠎ᠠ ᠶᠢᠨ 15 ᠤ ᠡᠳᠦᠷ᠂ ᠮᠠᠨ ᠤ ᠬᠤᠲᠠ ︽ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠤᠭᠰᠠᠨ ᠠᠷᠪᠠᠨ ᠵᠢᠯ ᠤᠨ ᠣᠶ︾ - ᠠᠷᠪᠠᠳᠤᠭᠠᠷ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠰᠢᠷᠢᠰ ᠤᠬᠠᠭᠤᠯᠭ᠎ᠠ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠢ ᠡᠷᠭᠢᠯᠡᠪᠡ᠃
    ᠠᠵᠢᠯᠯᠠᠭ᠎ᠠ ᠶᠢᠨ ᠱᠠᠭᠠᠷᠳᠠᠭᠰᠠᠨ ᠨᠢ᠂ ᠪᠥᠬᠦ ᠬᠤᠲᠠ ᠶᠢᠨ ᠺᠠᠳ᠋ᠷ ᠠᠵᠢᠯᠲᠠᠨ ᠠᠵᠢᠯᠴᠢᠨ ︽ᠪᠣᠭᠤᠮᠲᠠ ᠳᠤ ᠪᠠᠭ᠎ᠠ ᠶᠠᠪᠤᠳᠠᠯ ᠥᠬᠡᠶ︾ ᠤᠯᠤᠰ ᠲᠥᠷᠥ ᠶᠢᠨ ᠤᠬᠠᠮᠰᠠᠷ ᠢᠶᠠᠷ ᠤᠯᠤᠰ ᠤᠨ ᠠᠮᠤᠷ ᠲᠦᠪᠰᠢᠨ ᠤ ︽ᠨᠢᠭᠡᠳᠦᠭᠡᠷ ᠬᠠᠷᠠᠭᠤᠯ︾ ᠪᠣᠯᠬᠤ ᠬᠡᠷᠡᠭᠲᠡᠶ᠃ ᠪᠥᠬᠦ ᠬᠤᠲᠠ ᠶᠢᠨ ᠡᠯ᠎ᠡ ᠰᠠᠯᠠᠭ᠎ᠠ ᠮᠥᠴᠢᠷ ᠨᠢᠭᠡᠴᠡ ︽ᠪᠥᠬᠦ ᠣᠷᠣᠨ ᠪᠦᠰᠡ ᠶᠢᠨ ᠲᠦᠭᠰᠢᠭᠦᠷᠢ ᠶᠢ ᠰᠡᠷᠭᠡᠶᠢᠯᠡᠬᠦ︾ ᠰᠢᠰᠲ᠋ᠧᠮᠲᠦ ᠰᠡᠳᠬᠢᠬᠦᠶ ᠪᠠᠷ ᠪᠣᠭᠤᠮᠲᠠ ᠶᠢᠨ ᠠᠮᠤᠷ ᠲᠦᠪᠰᠢᠨ ᠤ ︽ᠬᠠᠷᠢᠭᠤᠴᠠᠯᠭ᠎ᠠ ᠶᠢᠨ ᠲᠣᠣᠷ︾ ᠢ ᠨᠢᠭᠲᠠ ᠰᠦᠯᠵᠢᠪᠡ᠃ ᠪᠦᠬᠦ ᠨᠡᠶᠢᠭᠡᠮ ᠢᠶᠠᠷ ᠢᠶᠠᠨ ︽ᠰᠡᠳᠬᠢᠯ ᠨᠢᠭᠡᠳᠦᠨ ᠤᠯᠤᠰ ᠤᠨ ᠡᠭᠦᠳᠡ ᠶᠢ ᠬᠠᠮᠠᠭᠠᠯᠠᠬᠤ︾ ᠬᠠᠮᠲᠤᠪᠠᠷ ᠵᠠᠰᠠᠬᠤ ᠣᠶᠢᠯᠠᠭᠠᠭᠳᠠᠬᠤᠨ ᠢᠶᠠᠷ ᠪᠦᠬᠦ ᠠᠷᠠᠳ ᠢᠶᠠᠷ ᠢᠶᠠᠨ ︽ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ︾ ᠳᠤ ᠣᠷᠣᠯᠴᠠᠬᠤ ᠬᠡᠷᠡᠭᠲᠡᠢ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠬᠤᠳᠠ ᠶᠢᠨ ᠤᠯᠠᠭᠠᠨᠮᠦ᠋ᠴᠢᠷ ᠤᠨ ᠭᠡᠰᠢᠬᠦᠳ ᠢᠷᠠᠭᠤ ᠰᠠᠶᠢᠬᠠᠨ ᠮᠤᠷᠢᠨ ᠬᠤᠭᠤᠷ ᠤᠨ ᠠᠶᠠᠰ ᠪᠠ ᠢᠷᠠᠭᠤ ᠰᠠᠶᠢᠬᠠᠨ ᠪᠦᠵᠢᠭ ᠤᠨ ᠬᠦᠳᠡᠯᠭᠡᠭᠡᠨ ᠢᠶᠠᠷ ᠤᠬᠠᠭᠤᠯᠭ᠎ᠠ ᠳᠤ ᠰᠢᠨ᠎ᠡ ᠰᠤᠷᠭᠤᠭ ᠬᠦᠳᠡᠯᠭᠡᠬᠦ ᠬᠦᠴᠦᠨ ᠨᠡᠮᠡᠷᠢᠯᠡᠵᠦ᠂ ᠤᠬᠠᠭᠤᠯᠭ᠎ᠠ ᠶᠢᠨ ᠬᠡᠯᠪᠡᠷᠢ ᠶᠢ ᠨᠡᠩ ᠠᠮᠢᠳᠤᠯᠢᠭ ᠪᠠᠶᠠᠯᠢᠬᠵᠢᠭᠤᠯᠪᠠ᠃
     ᠠᠵᠢᠯᠯᠠᠭ᠎ᠠ ᠨᠢ ᠤᠬᠠᠭᠤᠯᠭ᠎ᠠ ᠶᠢᠨ ᠹᠢᠯᠢᠮ ᠨᠡᠪᠲᠡᠷᠡᠭᠦᠯᠬᠦ᠂ ᠠᠰᠠᠭᠤᠨ ᠯᠠᠪᠯᠠᠬᠤ ᠲᠠᠪᠴᠠᠩ ᠭᠠᠷᠭᠠᠬᠤ᠂ ᠬᠥᠨᠳᠡᠯᠡᠨ ᠪᠢᠴᠢᠭᠡᠰᠦ ᠡᠯᠭᠦᠬᠦ᠂ ᠳᠡᠯᠭᠡᠨ ᠦᠵᠡᠭᠦᠯᠬᠦ ᠰᠠᠮᠪᠠᠷ᠎ᠠ ᠲᠠᠯᠪᠢᠬᠤ᠂ ᠬᠠᠮᠢᠶ᠎ᠠ ᠪᠦᠬᠦᠢ ᠮᠡᠳᠡᠯᠭᠡ ᠶᠢᠨ ᠲᠠᠶᠢᠯᠤᠮᠵᠢ ᠬᠢᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠤᠯᠤᠰ ᠤᠨ ᠠᠮᠤᠷ ᠲᠦᠪᠰᠢᠨ ᠤ ᠬᠠᠤᠯᠢ᠂ ᠰᠦᠯᠵᠢᠶᠡᠨ ᠤ ᠠᠮᠤᠷ ᠲᠦᠪᠰᠢᠨ ᠤ ᠬᠠᠤᠯᠢ᠂ ᠲᠠᠩᠨᠠᠭᠤᠯ ᠢ ᠡᠰᠡᠷᠭᠦᠴᠡᠬᠦ ᠬᠠᠤᠯᠢ ᠵᠡᠷᠭᠡ ᠠᠭᠤᠯᠭ᠎ᠠ ᠶᠢᠨ ᠲᠣᠭᠤᠷᠢᠨ ᠳᠤ ᠥᠷᠭᠡᠨ ᠣᠯᠠᠨ ᠲᠦᠮᠡᠨ ᠳᠤ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠵᠡᠶ᠃ ᠨᠢᠭᠤᠷᠲᠠᠨ ᠰᠡᠵᠢᠭ ᠢ ᠨᠢ ᠲᠠᠶᠢᠯᠬᠤ ᠶᠢᠨ ᠬᠠᠮᠲᠤ ᠣᠯᠠᠨ ᠲᠦᠮᠡᠨ ᠤ ᠠᠩᠬᠠᠷᠴᠤ ᠪᠠᠶᠢᠭ᠎ᠠ ᠰᠦᠯᠵᠢᠶᠡᠨ ᠤ ᠠᠮᠤᠷ ᠲᠦᠪᠰᠢᠨ᠂ ᠬᠢᠯᠢ ᠶᠢᠨ ᠬᠠᠮᠢᠶᠠᠷᠤᠯᠲᠠ ᠵᠡᠷᠭᠡ ᠠᠰᠠᠭᠤᠳᠠᠯ ᠳᠤ ᠨᠠᠷᠢᠨ ᠲᠣᠳᠣᠷᠬᠠᠶ ᠬᠠᠷᠢᠭᠤᠯᠲᠠ ᠥᠭᠴᠦ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠤᠯᠤᠰ ᠤᠨ ᠠᠮᠤᠷ ᠲᠦᠪᠰᠢᠨ ᠤ ᠵᠥᠪ ᠦᠵᠡᠯᠲᠡ ᠶᠢ ᠪᠣᠶ ᠪᠣᠯᠭᠠᠵᠤ᠂ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠣᠶᠢᠯᠠᠭᠠᠭᠳᠠᠬᠤᠨ ᠢ ᠬᠥᠮᠦᠰ ᠤᠨ ᠰᠡᠳᠬᠢᠯ ᠳᠤ ᠬᠠᠳᠠᠩᠰᠢᠭᠤᠯᠪᠠ᠃
    ᠣᠶᠢᠯᠠᠭᠠᠭᠰᠠᠨ ᠢᠶᠠᠷ᠂ ᠮᠠᠨ ᠤ ᠬᠤᠲᠠ ᠶᠡᠷᠦᠩᠬᠡᠶ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠪᠠᠷ ᠵᠢᠯᠣᠭᠤᠳᠣᠯᠭ᠎ᠠ ᠪᠣᠯᠭᠠᠬᠤ ᠶᠢ ᠦᠷᠭᠦᠯᠵᠢᠯᠡᠨ ᠪᠠᠷᠢᠮᠲᠠᠯᠠᠵᠤ᠂ ︽ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠤᠭᠰᠠᠨ ᠠᠷᠪᠠᠨ ᠵᠢᠯ ᠤᠨ ᠣᠶ︾ ᠭᠡᠬᠦ ᠭᠤᠤᠯ ᠰᠡᠳᠦᠪ ᠤᠨ ᠲᠣᠭᠤᠷᠢᠨ ᠳᠤ᠂ ᠤᠯᠤᠰ ᠤᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠠᠵᠢᠯ ᠢ ᠭᠦᠨᠵᠡᠭᠡᠶ ᠠᠬᠢᠭᠤᠯᠵᠤ᠂ ᠤᠬᠠᠭᠤᠯᠭ᠎ᠠ ᠶᠢᠨ ᠬᠡᠯᠪᠡᠷᠢ ᠪᠠ ᠠᠭᠤᠯᠭ᠎ᠠ ᠶᠢ ᠲᠠᠰᠤᠷᠠᠯᠲᠠ ᠥᠬᠡᠶ ᠰᠢᠨ᠎ᠡ ᠪᠠᠷ ᠡᠭᠦᠳᠴᠦ᠂ ᠤᠯᠤᠰ ᠤᠨ ᠠᠮᠤᠷ ᠲᠦᠪᠰᠢᠨ ᠤ ᠮᠡᠳᠡᠯᠭᠡ ᠶᠢ ᠥᠷᠭᠡᠨ ᠢᠶᠠᠷ ᠲᠦᠭᠡᠮᠡᠯᠵᠢᠭᠦᠯᠦᠨ᠂ ︽ᠤᠯᠤᠰ ᠤᠨ ᠡᠭᠦᠳᠡᠨ ᠳᠤ ᠪᠢ ᠪᠤᠢ᠂ ᠨᠠᠮ ᠰᠠᠨᠠᠭ᠎ᠠ ᠠᠮᠤᠷ ᠪᠠᠶᠢᠭ᠎ᠠ︾ ᠭᠡᠬᠦ ᠬᠠᠷᠢᠭᠤᠴᠠᠯᠭ᠎ᠠ ᠡᠭᠦᠷᠭᠡᠯᠡᠯ ᠢᠶᠠᠷ ᠰᠢᠨ᠎ᠡ ᠴᠠᠭ ᠦᠶ᠎ᠡ ᠶᠢᠨ ᠤᠮᠠᠷᠠᠲᠤ ᠬᠢᠯᠢ ᠶᠢᠨ ᠠᠮᠤᠷ ᠲᠦᠪᠰᠢᠨ ᠤ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠨ᠎ᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号