| | | | 4 ᠰᠠᠷ᠎ᠠ ᠶᠢᠨ 15 ᠤ ᠡᠳᠦᠷ᠂ ᠮᠠᠨ ᠤ ᠬᠤᠲᠠ ︽ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ | ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠤᠭᠰᠠᠨ ᠠᠷᠪᠠᠨ ᠵᠢᠯ ᠤᠨ ᠣᠶ︾ - ᠠᠷᠪᠠᠳᠤᠭᠠᠷ ᠪᠥᠬᠦ | ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠰᠢᠷᠢᠰ ᠤᠬᠠᠭᠤᠯᠭ᠎ᠠ ᠶᠢᠨ | ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠢ ᠡᠷᠭᠢᠯᠡᠪᠡ᠃ | ᠠᠵᠢᠯᠯᠠᠭ᠎ᠠ ᠶᠢᠨ ᠱᠠᠭᠠᠷᠳᠠᠭᠰᠠᠨ ᠨᠢ᠂ ᠪᠥᠬᠦ ᠬᠤᠲᠠ ᠶᠢᠨ ᠺᠠᠳ᠋ᠷ ᠠᠵᠢᠯᠲᠠᠨ ᠠᠵᠢᠯᠴᠢᠨ ︽ᠪᠣᠭᠤᠮᠲᠠ ᠳᠤ | ᠪᠠᠭ᠎ᠠ ᠶᠠᠪᠤᠳᠠᠯ ᠥᠬᠡᠶ︾ ᠤᠯᠤᠰ ᠲᠥᠷᠥ ᠶᠢᠨ ᠤᠬᠠᠮᠰᠠᠷ ᠢᠶᠠᠷ ᠤᠯᠤᠰ ᠤᠨ ᠠᠮᠤᠷ ᠲᠦᠪᠰᠢᠨ ᠤ ︽ᠨᠢᠭᠡᠳᠦᠭᠡᠷ | ᠬᠠᠷᠠᠭᠤᠯ︾ ᠪᠣᠯᠬᠤ ᠬᠡᠷᠡᠭᠲᠡᠶ᠃ ᠪᠥᠬᠦ ᠬᠤᠲᠠ ᠶᠢᠨ ᠡᠯ᠎ᠡ ᠰᠠᠯᠠᠭ᠎ᠠ ᠮᠥᠴᠢᠷ ᠨᠢᠭᠡᠴᠡ ︽ᠪᠥᠬᠦ ᠣᠷᠣᠨ | ᠪᠦᠰᠡ ᠶᠢᠨ ᠲᠦᠭᠰᠢᠭᠦᠷᠢ ᠶᠢ ᠰᠡᠷᠭᠡᠶᠢᠯᠡᠬᠦ︾ ᠰᠢᠰᠲ᠋ᠧᠮᠲᠦ ᠰᠡᠳᠬᠢᠬᠦᠶ ᠪᠠᠷ ᠪᠣᠭᠤᠮᠲᠠ ᠶᠢᠨ ᠠᠮᠤᠷ ᠲᠦᠪᠰᠢᠨ ᠤ ︽ | ᠬᠠᠷᠢᠭᠤᠴᠠᠯᠭ᠎ᠠ ᠶᠢᠨ ᠲᠣᠣᠷ︾ ᠢ ᠨᠢᠭᠲᠠ ᠰᠦᠯᠵᠢᠪᠡ᠃ ᠪᠦᠬᠦ ᠨᠡᠶᠢᠭᠡᠮ ᠢᠶᠠᠷ ᠢᠶᠠᠨ ︽ᠰᠡᠳᠬᠢᠯ ᠨᠢᠭᠡᠳᠦᠨ | ᠤᠯᠤᠰ ᠤᠨ ᠡᠭᠦᠳᠡ ᠶᠢ ᠬᠠᠮᠠᠭᠠᠯᠠᠬᠤ︾ ᠬᠠᠮᠲᠤᠪᠠᠷ ᠵᠠᠰᠠᠬᠤ ᠣᠶᠢᠯᠠᠭᠠᠭᠳᠠᠬᠤᠨ ᠢᠶᠠᠷ ᠪᠦᠬᠦ ᠠᠷᠠᠳ ᠢᠶᠠᠷ ᠢᠶᠠᠨ ︽ | ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ︾ ᠳᠤ ᠣᠷᠣᠯᠴᠠᠬᠤ ᠬᠡᠷᠡᠭᠲᠡᠢ᠃ | ᠠᠵᠢᠯᠯᠠᠭ᠎ᠠ ᠨᠢ ᠤᠬᠠᠭᠤᠯᠭ᠎ᠠ ᠶᠢᠨ ᠹᠢᠯᠢᠮ ᠨᠡᠪᠲᠡᠷᠡᠭᠦᠯᠬᠦ᠂ ᠠᠰᠠᠭᠤᠨ ᠯᠠᠪᠯᠠᠬᠤ ᠲᠠᠪᠴᠠᠩ ᠭᠠᠷᠭᠠᠬᠤ᠂ | ᠬᠥᠨᠳᠡᠯᠡᠨ ᠪᠢᠴᠢᠭᠡᠰᠦ ᠡᠯᠭᠦᠬᠦ᠂ ᠳᠡᠯᠭᠡᠨ ᠦᠵᠡᠭᠦᠯᠬᠦ ᠰᠠᠮᠪᠠᠷ᠎ᠠ ᠲᠠᠯᠪᠢᠬᠤ᠂ ᠬᠠᠮᠢᠶ᠎ᠠ ᠪᠦᠬᠦᠢ ᠮᠡᠳᠡᠯᠭᠡ ᠶᠢᠨ | ᠲᠠᠶᠢᠯᠤᠮᠵᠢ ᠬᠢᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ | ᠤᠯᠤᠰ ᠤᠨ ᠠᠮᠤᠷ ᠲᠦᠪᠰᠢᠨ ᠤ ᠬᠠᠤᠯᠢ᠂ ᠰᠦᠯᠵᠢᠶᠡᠨ ᠤ ᠠᠮᠤᠷ ᠲᠦᠪᠰᠢᠨ ᠤ ᠬᠠᠤᠯᠢ᠂ ᠲᠠᠩᠨᠠᠭᠤᠯ ᠢ | ᠡᠰᠡᠷᠭᠦᠴᠡᠬᠦ ᠬᠠᠤᠯᠢ ᠵᠡᠷᠭᠡ ᠠᠭᠤᠯᠭ᠎ᠠ ᠶᠢᠨ ᠲᠣᠭᠤᠷᠢᠨ ᠳᠤ ᠥᠷᠭᠡᠨ ᠣᠯᠠᠨ ᠲᠦᠮᠡᠨ ᠳᠤ ᠪᠦᠬᠦ ᠠᠷᠠᠳ ᠤᠨ | ᠤᠯᠤᠰ ᠤᠨ ᠠᠮᠤᠷ ᠲᠦᠪᠰᠢᠨ ᠤ ᠬᠥᠮᠦᠵᠢᠯ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢ | ᠤᠬᠠᠭᠤᠯᠤᠨ ᠲᠦᠭᠡᠮᠡᠯᠵᠢᠭᠦᠯᠵᠡᠶ᠃ ᠨᠢᠭᠤᠷᠲᠠᠨ ᠰᠡᠵᠢᠭ ᠢ ᠨᠢ ᠲᠠᠶᠢᠯᠬᠤ ᠶᠢᠨ ᠬᠠᠮᠲᠤ ᠣᠯᠠᠨ ᠲᠦᠮᠡᠨ ᠤ ᠠᠩᠬᠠᠷᠴᠤ | ᠪᠠᠶᠢᠭ᠎ᠠ ᠰᠦᠯᠵᠢᠶᠡᠨ ᠤ ᠠᠮᠤᠷ ᠲᠦᠪᠰᠢᠨ᠂ ᠬᠢᠯᠢ ᠶᠢᠨ ᠬᠠᠮᠢᠶᠠᠷᠤᠯᠲᠠ ᠵᠡᠷᠭᠡ ᠠᠰᠠᠭᠤᠳᠠᠯ ᠳᠤ ᠨᠠᠷᠢᠨ ᠲᠣᠳᠣᠷᠬᠠᠶ | ᠬᠠᠷᠢᠭᠤᠯᠲᠠ ᠥᠭᠴᠦ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠤᠯᠤᠰ ᠤᠨ ᠠᠮᠤᠷ ᠲᠦᠪᠰᠢᠨ ᠤ | ᠵᠥᠪ ᠦᠵᠡᠯᠲᠡ ᠶᠢ ᠪᠣᠶ ᠪᠣᠯᠭᠠᠵᠤ᠂ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠣᠶᠢᠯᠠᠭᠠᠭᠳᠠᠬᠤᠨ ᠢ | ᠬᠥᠮᠦᠰ ᠤᠨ ᠰᠡᠳᠬᠢᠯ ᠳᠤ ᠬᠠᠳᠠᠩᠰᠢᠭᠤᠯᠪᠠ᠃ | ᠣᠶᠢᠯᠠᠭᠠᠭᠰᠠᠨ ᠢᠶᠠᠷ᠂ ᠮᠠᠨ ᠤ ᠬᠤᠲᠠ ᠶᠡᠷᠦᠩᠬᠡᠶ ᠴᠣᠭᠴᠠ ᠶᠢᠨ ᠤᠯᠤᠰ ᠤᠨ ᠠᠮᠤᠷ ᠲᠦᠪᠰᠢᠨ ᠤ | ᠦᠵᠡᠯᠲᠡ ᠪᠠᠷ ᠵᠢᠯᠣᠭᠤᠳᠣᠯᠭ᠎ᠠ ᠪᠣᠯᠭᠠᠬᠤ ᠶᠢ ᠦᠷᠭᠦᠯᠵᠢᠯᠡᠨ ᠪᠠᠷᠢᠮᠲᠠᠯᠠᠵᠤ᠂ ︽ᠪᠥᠬᠦ ᠠᠷᠠᠳ ᠤᠨ ᠤᠯᠤᠰ ᠤᠨ | ᠠᠮᠤᠷ ᠲᠦᠪᠰᠢᠨ ᠤ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠤᠭᠰᠠᠨ ᠠᠷᠪᠠᠨ ᠵᠢᠯ ᠤᠨ ᠣᠶ︾ ᠭᠡᠬᠦ | ᠭᠤᠤᠯ ᠰᠡᠳᠦᠪ ᠤᠨ ᠲᠣᠭᠤᠷᠢᠨ ᠳᠤ᠂ ᠤᠯᠤᠰ ᠤᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠠᠵᠢᠯ ᠢ | ᠭᠦᠨᠵᠡᠭᠡᠶ ᠠᠬᠢᠭᠤᠯᠵᠤ᠂ ᠤᠬᠠᠭᠤᠯᠭ᠎ᠠ ᠶᠢᠨ ᠬᠡᠯᠪᠡᠷᠢ ᠪᠠ ᠠᠭᠤᠯᠭ᠎ᠠ ᠶᠢ ᠲᠠᠰᠤᠷᠠᠯᠲᠠ ᠥᠬᠡᠶ ᠰᠢᠨ᠎ᠡ ᠪᠠᠷ ᠡᠭᠦᠳᠴᠦ᠂ | ᠤᠯᠤᠰ ᠤᠨ ᠠᠮᠤᠷ ᠲᠦᠪᠰᠢᠨ ᠤ ᠮᠡᠳᠡᠯᠭᠡ ᠶᠢ ᠥᠷᠭᠡᠨ ᠢᠶᠠᠷ ᠲᠦᠭᠡᠮᠡᠯᠵᠢᠭᠦᠯᠦᠨ᠂ ︽ᠤᠯᠤᠰ ᠤᠨ ᠡᠭᠦᠳᠡᠨ ᠳᠤ | ᠪᠢ ᠪᠤᠢ᠂ ᠨᠠᠮ ᠰᠠᠨᠠᠭ᠎ᠠ ᠠᠮᠤᠷ ᠪᠠᠶᠢᠭ᠎ᠠ︾ ᠭᠡᠬᠦ ᠬᠠᠷᠢᠭᠤᠴᠠᠯᠭ᠎ᠠ ᠡᠭᠦᠷᠭᠡᠯᠡᠯ ᠢᠶᠠᠷ ᠰᠢᠨ᠎ᠡ ᠴᠠᠭ ᠦᠶ᠎ᠡ ᠶᠢᠨ | ᠤᠮᠠᠷᠠᠲᠤ ᠬᠢᠯᠢ ᠶᠢᠨ ᠠᠮᠤᠷ ᠲᠦᠪᠰᠢᠨ ᠤ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠨ᠎ᠡ᠃ |