【 ᠠᠮᠤᠷ ᠳᠦᠪᠰᠢᠨ ᠤ ᠬᠠᠷᠢᠭᠤᠴᠠᠯᠭ᠎ᠠ ᠶᠢ ᠨᠠᠶᠢᠳᠠᠪᠣᠷᠢᠵᠢᠭᠤᠯᠵᠦ ᠠᠮᠤᠷ ᠳᠦᠪᠰᠢᠨ ᠬᠥᠭᠵᠢᠯᠲᠡ ᠶᠢ ᠠᠬᠢᠭᠤᠯᠤᠶ᠎ᠠ 】 ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠡᠨᠧᠷᠭᠢ ᠶᠢᠨ ᠬᠦᠷᠢᠶᠡᠨ ᠳᠠᠬᠢ ᠠᠶᠤᠯᠭᠦᠶ ᠦᠢᠯᠡᠳᠪᠦᠷᠢᠯᠡᠯ ᠤᠨ ᠪᠠᠶᠢᠴᠠᠭᠠᠯᠲᠠ ᠶᠢ ᠥᠷᠨᠢᠭᠦᠯᠵᠦ ᠠᠵᠤ ᠠᠬᠤᠶᠢᠯᠠᠯ ᠤᠨ ᠬᠠᠷᠢᠭᠤᠴᠠᠯᠭ᠎ᠠ ᠶᠢ ᠪᠠᠲᠤᠳᠬᠠᠪᠠ
ᠨᠡᠶᠢᠲᠡᠯᠡᠭᠰᠡᠨ ᠴᠠᠭ᠄
2025/4/17
   
     ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ᠂ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠭᠠᠯ ᠤᠨᠲᠠᠷᠠᠭᠠᠬᠤ᠂ ᠪᠠᠶᠢᠭᠤᠯᠵᠤ ᠪᠠᠶᠢᠭ᠎ᠠ ᠴᠠᠬᠢᠯᠭᠠᠨ ᠬᠦᠴᠦᠨ ᠤ ᠢᠨᠵᠧᠨᠧᠷᠢᠩ ᠤᠨ ᠬᠡᠮ ᠰᠣᠭᠤᠭ ᠢ ᠵᠢᠭᠰᠠᠭᠠᠨ ᠪᠠᠶᠢᠴᠠᠭᠠᠬᠤ᠂ ᠬᠠᠪᠤᠷ ᠤᠨ ᠤᠯᠠᠷᠢᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠵᠡᠷᠭᠡ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠳᠣᠯᠠᠳᠠ᠂ ᠤᠢᠢᠷ᠎ᠠ ᠶᠢᠨ ᠡᠳᠦᠷ᠂ ᠬᠤᠳᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠡᠨᠧᠷᠭᠢ ᠴᠠᠬᠢᠯᠭᠠᠨ ᠬᠦᠴᠦᠨ ᠤ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠲᠤᠰᠬᠠᠢ ᠮᠡᠷᠭᠡᠵᠢᠯᠲᠡᠨ ᠢ ᠤᠷᠢᠵᠤ᠂ ᠮᠠᠨ ᠤ ᠬᠤᠳᠠ ᠶᠢᠨ ᠠᠵᠢᠯᠯᠠᠭᠠᠨ ᠤ ᠰᠢᠨ᠎ᠡ ᠡᠨᠧᠷᠭᠢ ᠶᠢᠨ ᠠᠵᠤ ᠠᠬᠤᠶᠢᠯᠠᠯ ᠵᠢᠴᠢ ᠭᠤᠣᠯᠳᠠᠯᠭ᠎ᠠ ᠲᠠᠢ ᠪᠠᠶᠢᠭᠤᠯᠵᠤ ᠪᠠᠶᠢᠭ᠎ᠠ ᠰᠢᠨ᠎ᠡ ᠡᠨᠧᠷᠭᠢ ᠶᠢᠨ ᠲᠦᠷᠦᠯ ᠵᠦᠢᠯ ᠳᠤ ᠠᠮᠤᠷ ᠲᠦᠪᠰᠢᠨ ᠤ ᠪᠠᠶᠢᠴᠠᠭᠠᠯᠲᠠ ᠬᠢᠵᠡᠢ᠃      ᠪᠠᠶᠢᠴᠠᠭᠠᠬᠤ ᠶᠠᠪᠤᠴᠠ ᠳᠤ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠠᠵᠢᠯᠲᠠᠳ ᠠᠶᠤᠯᠭᠦᠢ ᠦᠢᠯᠡᠳᠪᠦᠷᠢᠯᠡᠯ ᠤᠨ ᠲᠤᠰᠬᠠᠢ ᠮᠡᠷᠭᠡᠵᠢᠯᠲᠡᠨ ᠲᠠᠢ ᠬᠠᠮᠲᠤᠷᠠᠨ ᠲᠤᠬᠠᠢ ᠶᠢᠨ ᠭᠠᠵᠠᠷ ᠲᠤᠨᠢ ᠪᠠᠶᠢᠴᠠᠭᠠᠬᠤ᠂ ᠮᠠᠲ᠋ᠧᠷᠢᠶᠠᠯ ᠢ ᠪᠠᠶᠢᠴᠠᠭᠠᠨ ᠦᠵᠡᠬᠦ᠂ ᠲᠠᠨᠢᠯᠴᠠᠭᠤᠯᠭ᠎ᠠ ᠶᠢ ᠰᠣᠨᠣᠰᠬᠤ ᠵᠡᠷᠭᠡ ᠠᠷᠭ᠎ᠠ ᠬᠡᠯᠪᠡᠷᠢ ᠪᠠᠷ ᠳᠠᠮᠵᠢᠨ᠂ ᠮᠠᠨ ᠤ ᠬᠤᠲᠠ ᠶᠢᠨ ᠰᠠᠯᠬᠢᠨ ᠬᠦᠴᠦᠨ ᠤ ᠴᠠᠬᠢᠯᠭᠠᠨ ᠭᠠᠷᠭᠠᠬᠤ ᠦᠢᠯᠡᠳᠪᠦᠷᠢ ᠶᠢᠨ ᠲᠣᠨᠤᠭ ᠲᠥᠬᠦᠭᠡᠷᠦᠮᠵᠢ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠮᠤᠷ ᠲᠦᠪᠰᠢᠨ ᠤ ᠪᠠᠶᠢᠳᠠᠯ᠂ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠪᠠᠶᠢᠴᠠᠭᠠᠯᠲᠠ ᠬᠢᠪᠡ᠃ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠮᠤᠷ ᠲᠦᠪᠰᠢᠨ ᠤ ᠭᠡᠮ ᠰᠣᠭᠤᠭ ᠤᠨ ᠠᠰᠠᠭᠤᠳᠠᠯ ᠳᠤ ᠴᠢᠭᠯᠡᠭᠦᠯᠦᠨ᠂ ᠨᠢᠭᠡᠨᠲᠡ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠪᠠᠭᠤᠯᠭᠠᠵᠤ᠂ ᠡᠯ᠎ᠡ ᠲᠦᠷᠦᠯ ᠵᠦᠢᠯ ᠤᠨ ᠨᠢᠭᠡᠴᠡ ᠶᠢᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠰᠢᠨ᠎ᠡ ᠡᠨᠧᠷᠭᠢ ᠶᠢᠨ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠡᠷᠡᠰ ᠰᠡᠷᠭᠡᠶᠢᠯᠡᠵᠦ᠂ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠬᠡᠷᠡᠭᠲᠡᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号