︽ᠨᠢᠭᠡ ᠬᠤᠲᠠ ᠬᠤᠶᠠᠷ ᠬᠤᠰᠢᠭᠤ︾ ᠭᠠᠷ ᠬᠤᠯᠪᠣᠨ ᠬᠠᠮᠲᠤ ᠪᠠᠷ ᠤᠷᠤᠭᠰᠢᠯᠠᠵᠤ ᠬᠠᠮ ᠵᠠᠭᠤᠴᠢᠯᠠᠭᠤᠷ ᠤᠨ ᠬᠠᠮᠲᠤᠷᠠᠯᠴᠠᠭᠠᠨ ᠤ ᠰᠢᠨ᠎ᠡ ᠬᠠᠭᠤᠳᠠᠰᠤ ᠶᠢ ᠨᠡᠭᠡᠭᠡᠪᠡ
ᠨᠡᠶᠢᠲᠡᠯᠡᠭᠰᠡᠨ ᠴᠠᠭ᠄
2025/4/17
   
     ᠵᠠᠭᠤᠴᠢᠯᠠᠭᠤᠷ ᠤᠨ ᠡᠬᠢ ᠪᠠᠶᠠᠯᠢᠭ ᠢ ᠤᠯᠠᠮ ᠨᠢᠭᠡ ᠠᠯᠬᠤᠮ ᠡᠮᠬᠢᠯᠡᠨ ᠨᠡᠶᠢᠯᠡᠭᠦᠯᠵᠦ᠂ ᠣᠷᠣᠨ ᠪᠦᠰᠡ ᠶᠢᠨ ᠵᠠᠭᠤᠴᠢᠯᠠᠭᠤᠷ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠶᠢᠨ ᠲᠥᠯᠥᠭᠡ᠂ 4 ᠰᠠᠷ᠎ᠠ ᠶᠢᠨ 15 ᠤ ᠡᠳᠦᠷ᠂ ᠡᠷᠢᠶᠡᠨ ᠬᠤᠲᠠ᠂ ᠰᠥᠨᠢᠳ ᠵᠡᠭᠦᠨ ᠬᠤᠰᠢᠭᠤ᠂ ᠰᠥᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠤᠨ ᠣᠷᠣᠨ ᠪᠦᠰᠡ ᠶᠢᠨ ᠬᠠᠮᠲᠤᠷᠠᠯᠴᠠᠭᠠᠨ ᠤ ᠶᠠᠷᠢᠯᠴᠠᠬᠤ ᠬᠤᠷᠠᠯ ᠮᠠᠨ ᠤ ᠬᠤᠲᠠ ᠳᠤ ᠶᠠᠪᠤᠭᠳᠠᠪᠠ᠃ ︽ᠨᠢᠭᠡ ᠬᠤᠲᠠ ᠬᠤᠶᠠᠷ ᠬᠤᠰᠢᠭᠤ︾ ᠶᠢᠨ ᠬᠠᠮ ᠵᠠᠭᠤᠴᠢᠯᠠᠭᠤᠷ ᠤᠨ ᠲᠥᠪ ᠤᠨ ᠬᠠᠷᠢᠭᠤᠴᠠᠯᠭᠠᠲᠠᠨ ᠵᠢᠴᠢ ᠬᠠᠮᠢᠶ᠎ᠠ ᠪᠥᠬᠦᠶ ᠠᠵᠢᠯᠲᠠᠳ ᠨᠢᠭᠡ ᠲᠠᠩᠬᠢᠮ ᠳᠤ ᠴᠤᠭᠯᠠᠷᠠᠵᠤ᠂ ᠵᠠᠭᠤᠴᠢᠯᠠᠭᠤᠷ ᠤᠨ ᠠᠭᠤᠰᠤᠯᠴᠠᠨ ᠬᠥᠭᠵᠢᠬᠦ ᠶᠡᠭᠡ ᠪᠣᠳᠣᠯᠭ᠎ᠠ ᠶᠢ ᠬᠠᠮᠲᠤ ᠪᠠᠷ ᠵᠥᠪᠯᠡᠪᠡ᠃      ᠶᠠᠷᠢᠯᠴᠠᠬᠤ ᠬᠤᠷᠠᠯ ᠳᠡᠭᠡᠷ᠎ᠡ᠂ ᠭᠤᠷᠪᠠᠨ ᠭᠠᠵᠠᠷ ᠤᠨ ᠬᠠᠮ ᠵᠠᠭᠤᠴᠢᠯᠠᠭᠤᠷ ᠤᠨ ᠲᠥᠪ ᠤᠨ ᠬᠠᠷᠢᠭᠤᠴᠠᠯᠭᠠᠲᠠᠨ ᠥᠪᠡᠷ ᠥᠪᠡᠷ ᠤᠨ ᠬᠠᠮ ᠵᠠᠭᠤᠴᠢᠯᠠᠭᠤᠷ ᠤᠨ ᠲᠥᠪ ᠤᠨ ᠦᠨᠳᠦᠰᠦᠨ ᠪᠠᠶᠢᠳᠠᠯ᠂ ᠬᠥᠭᠵᠢᠯᠲᠡ ᠶᠢᠨ ᠶᠠᠪᠤᠴᠠ᠂ ᠵᠣᠬᠢᠶᠠᠨ ᠪᠠᠶᠢᠭᠤᠯᠤᠯᠲᠠ ᠶᠢᠨ ᠪᠦᠲᠦᠴᠡ᠂ ᠠᠭᠤᠯᠭ᠎ᠠ ᠶᠢᠨ ᠦᠢᠯᠡᠳᠪᠦᠷᠢᠯᠡᠯ ᠤᠨ ᠵᠠᠭᠪᠤᠷ᠂ ᠣᠯᠤᠭᠰᠠᠨ ᠠᠮᠵᠢᠯᠲᠠ ᠵᠡᠷᠭᠡ ᠪᠠᠨ ᠲᠤᠰ ᠲᠤᠰ ᠲᠠᠨᠢᠯᠴᠠᠭᠤᠯᠪᠠ᠃ ᠰᠣᠯᠢᠯᠴᠠᠭ᠎ᠠ ᠬᠢᠵᠦ ᠨᠡᠪᠲᠡᠷᠡᠯᠴᠡᠬᠦ ᠪᠠᠷ ᠳᠠᠮᠵᠢᠭᠤᠯᠤᠨ᠂ ᠭᠤᠷᠪᠠᠨ ᠲᠠᠯ᠎ᠠ ᠪᠠᠷ ᠢᠶᠠᠨ ᠳᠡᠭᠡᠳᠦ ᠬᠡᠮᠵᠢᠶᠡᠨ ᠤ ᠬᠠᠮᠲᠤ ᠶᠢᠨ ᠲᠠᠨᠢᠯᠲᠠ ᠲᠠᠢ ᠪᠣᠯᠵᠣ᠂ ᠬᠠᠮ ᠵᠠᠭᠤᠴᠢᠯᠠᠭᠤᠷ ᠤᠨ ᠲᠥᠪ ᠤᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠣᠭᠲᠠᠪᠠ᠃ ᠬᠡᠯᠡᠯᠴᠡᠭᠡᠷ ᠢ ᠦᠨᠳᠦᠰᠦᠯᠡᠪᠡᠯ᠂ ᠢᠷᠡᠭᠡᠳᠦᠢ ᠶᠢᠨ ᠭᠤᠷᠪᠠᠨ ᠭᠠᠵᠠᠷ ᠤᠨ ᠬᠢᠨ ᠠᠭᠤᠯᠭ᠎ᠠ ᠶᠢ ᠬᠠᠮᠲᠤ ᠪᠠᠷ ᠡᠳ᠋ᠯᠡᠬᠦ᠂ ᠴᠢᠳᠠᠪᠤᠷᠢᠲᠠᠨ ᠤ ᠰᠣᠯᠢᠯᠴᠠᠭ᠎ᠠ᠂ ᠮᠡᠷᠭᠡᠵᠢᠯ ᠤᠨ ᠬᠠᠮᠲᠤᠷᠠᠯᠴᠠᠭ᠎ᠠ ᠵᠡᠷᠭᠡ ᠤᠯᠠᠨ ᠲᠠᠯ᠎ᠠ ᠪᠠᠷ ᠭᠦᠨᠵᠡᠭᠡᠢ ᠬᠠᠮᠲᠤᠷᠠᠯᠴᠠᠭ᠎ᠠ ᠥᠷᠨᠢᠭᠦᠯᠬᠦ ᠪᠣᠯᠤᠨ᠎ᠠ᠃      ᠬᠤᠷᠠᠯ ᠳᠡᠭᠡᠷ᠎ᠡ᠂ ᠭᠤᠷᠪᠠᠨ ᠭᠠᠵᠠᠷ ᠤᠨ ᠬᠠᠮ ᠵᠠᠭᠤᠴᠢᠯᠠᠭᠤᠷ ᠤᠨ ᠲᠥᠪ ᠤᠨ ᠬᠠᠮᠲᠤᠷᠠᠨ ᠠᠵᠢᠯᠯᠠᠭᠰᠠᠨ ᠤ ᠳᠠᠷᠠᠭᠠᠬᠢ ᠠᠩᠬᠠᠳᠠᠭᠴᠢ ᠤᠬᠠᠭᠤᠯᠤᠨ ᠮᠡᠳᠡᠭᠡᠯᠡᠬᠦ ᠲᠥᠷᠥᠯ ᠵᠦᠢᠯ ᠤᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾ ᠰᠢᠷᠢᠰ ᠠᠵᠢᠯᠯᠠᠭ᠎ᠠ ᠶᠢᠨ ᠲᠤᠬᠠᠶ ᠰᠤᠳᠤᠯᠤᠨ ᠶᠠᠷᠢᠯᠴᠠᠵᠤ᠂ ᠬᠠᠮᠲᠤᠷᠠᠨ ᠮᠡᠳᠡᠭᠡᠯᠡᠬᠦ ᠳᠤᠭᠤᠶᠢᠯᠠᠩ ᠢ ᠵᠣᠬᠢᠶᠠᠨ ᠪᠠᠶᠢᠭᠤᠯᠵᠤ᠂ ᠰᠢᠭᠤᠳ ᠨᠡᠪᠲᠡᠷᠡᠭᠦᠯᠭᠡ᠂ ᠣᠬᠤᠷ ᠸᠢᠳᠢᠣ᠋ ᠵᠡᠷᠭᠡ ᠬᠡᠯᠪᠡᠷᠢ ᠶᠢ ᠠᠰᠢᠭᠯᠠᠨ᠂ ᠬᠤᠷᠢᠶᠠᠩᠭᠤᠶ ᠰᠣᠨᠢᠨ ᠤ ᠦᠵᠡᠰᠬᠦᠯᠡᠩ ᠤᠨ ᠰᠢᠷᠢᠰ ᠠᠵᠢᠯᠯᠠᠭ᠎ᠠ ᠶᠢ ᠪᠥᠬᠦ ᠲᠠᠯ᠎ᠠ ᠪᠠᠷ ᠮᠡᠳᠡᠭᠡᠯᠡᠵᠦ᠂ ᠨᠠᠩ ᠣᠯᠠᠨ ᠬᠥᠮᠦᠨ ᠳᠤ ᠭᠤᠷᠪᠠᠨ ᠭᠠᠵᠠᠷ ᠤᠨ ᠥᠪᠡᠷᠮᠢᠴᠡ ᠰᠣᠶᠣᠯ ᠤᠨ ᠵᠠᠩ ᠦᠢᠯᠡ ᠶᠢ ᠮᠡᠳᠡᠷᠡᠭᠦᠯᠬᠦ ᠪᠠᠷ ᠲᠥᠯᠥᠪᠯᠡᠵᠦ ᠪᠣᠶ᠃      ᠬᠤᠷᠠᠯ ᠳᠤ ᠣᠷᠣᠯᠴᠠᠭᠰᠠᠳ ᠪᠠᠰᠠ ᠮᠠᠨ ᠤ ᠬᠤᠲᠠ ᠶᠢᠨ ᠬᠠᠮ ᠵᠠᠭᠤᠴᠢᠯᠠᠭᠤᠷ ᠤᠨ ᠲᠥᠪ ᠤᠨ ᠰᠤᠷᠪᠤᠯᠵᠢᠯᠠᠨ ᠨᠠᠶᠢᠷᠠᠭᠤᠯᠬᠤ ᠲᠠᠰᠤᠭ ᠪᠣᠯᠤᠨ ᠨᠡᠪᠲᠡᠷᠡᠭᠦᠯᠭᠡ ᠶᠢᠨ ᠲᠠᠰᠤᠭ ᠵᠡᠷᠭᠡ ᠭᠠᠵᠠᠷ ᠢᠶᠠᠷ ᠲᠣᠭᠤᠷᠢᠨ ᠦᠵᠡᠪᠡ᠃ ᠰᠤᠷᠪᠤᠯᠵᠢᠯᠠᠨ ᠨᠠᠶᠢᠷᠠᠭᠤᠯᠬᠤ ᠲᠠᠰᠤᠭ ᠲᠤ᠂ ᠬᠤᠲᠠ ᠶᠢᠨ ᠬᠠᠮ ᠵᠠᠭᠤᠴᠢᠯᠠᠭᠤᠷ ᠤᠨ ᠲᠥᠪ ᠤᠨ ᠬᠠᠷᠢᠭᠤᠴᠠᠯᠭᠠᠲᠠᠨ ᠰᠣᠨᠢᠨ ᠮᠡᠳᠡᠭᠡᠨ ᠤ ᠰᠤᠷᠪᠤᠯᠵᠢᠯᠠᠨ ᠨᠠᠶᠢᠷᠠᠭᠤᠯᠬᠤ ᠶᠠᠪᠤᠴᠠ ᠪᠠ ᠰᠢᠨ᠎ᠡ ᠵᠠᠭᠤᠴᠢᠯᠠᠭᠤᠷ ᠤᠨ ᠲᠠᠪᠴᠠᠩ ᠤᠨ ᠡᠵᠡᠩᠨᠡᠯᠲᠡ ᠶᠢᠨ ᠪᠠᠶᠢᠳᠠᠯ ᠢ ᠨᠠᠷᠢᠨ ᠲᠠᠨᠢᠯᠴᠠᠭᠤᠯᠪᠠ︔ ᠨᠡᠪᠲᠡᠷᠡᠭᠦᠯᠭᠡ ᠶᠢᠨ ᠲᠠᠰᠤᠭ ᠲᠤ ᠣᠷᠣᠵᠤ᠂ ᠣᠯᠠᠨ ᠢᠶᠠᠷ ᠢᠶᠠᠨ ᠫᠷᠤᠭ᠍ᠷᠠᠮ ᠤᠨ ᠰᠢᠩᠭᠡᠭᠡᠨ ᠦᠢᠯᠡᠳᠬᠦ ᠲᠥᠬᠦᠭᠡᠷᠦᠮᠵᠢ ᠶᠢᠨ ᠲᠣᠬᠢᠷᠠᠭᠤᠯᠤᠯᠲᠠ ᠪᠠ ᠨᠠᠷᠢᠨ ᠵᠦᠢᠯᠡᠰ ᠢ ᠣᠶᠢᠯᠠᠭᠠᠪᠠ᠃ ᠲᠤᠬᠠᠶ ᠶᠢᠨ ᠭᠠᠵᠠᠷ ᠲᠤᠨᠢ ᠲᠣᠭᠤᠷᠢᠨ ᠦᠵᠡᠬᠦ ᠪᠠᠷ ᠳᠠᠮᠵᠢᠭᠤᠯᠤᠨ᠂ ᠠᠵᠢᠯ ᠤᠨ ᠶᠠᠪᠤᠴᠠ ᠪᠠ ᠮᠡᠷᠭᠡᠵᠢᠯ ᠤᠨ ᠬᠡᠷᠡᠭᠯᠡᠭᠡᠨ ᠤ ᠲᠤᠬᠠᠶ ᠣᠶᠢᠯᠠᠭᠠᠯᠲᠠ ᠪᠠᠨ ᠨᠡᠮᠡᠭᠳᠡᠭᠦᠯᠵᠦ᠂ ᠬᠤᠶᠢᠰᠢᠳᠠ ᠶᠢᠨ ᠬᠠᠮᠲᠤᠷᠠᠯᠴᠠᠭ᠎ᠠ ᠳᠤ ᠨᠠᠩ ᠪᠠᠲᠤ ᠪᠠᠬᠢ ᠰᠠᠭᠤᠷᠢ ᠶᠢ ᠲᠠᠯᠪᠢᠵᠤ ᠥᠭᠴᠡᠶ᠃      ᠲᠣᠰ ᠤᠳᠠᠭᠠᠨ ᠤ ᠶᠠᠷᠢᠯᠴᠠᠬᠤ ᠬᠤᠷᠠᠯ ᠪᠠ ᠲᠣᠭᠤᠷᠢᠨ ᠦᠵᠡᠵᠦ ᠰᠣᠯᠢᠯᠴᠠᠬᠤ ᠠᠵᠢᠯᠯᠠᠭ᠎ᠠ ᠨᠢ ︽ᠨᠢᠭᠡ ᠬᠤᠲᠠ ᠬᠤᠶᠠᠷ ᠬᠤᠰᠢᠭᠤ︾ ᠶᠢᠨ ᠬᠠᠮ ᠵᠠᠭᠤᠴᠢᠯᠠᠭᠤᠷ ᠤᠨ ᠲᠥᠪ ᠲᠤ ᠬᠠᠮᠲᠤᠷᠠᠯᠴᠠᠭᠠᠨ ᠤ ᠬᠥᠭᠦᠷᠭᠡ ᠪᠠᠶᠢᠭᠤᠯᠵᠤ ᠂ ᠣᠷᠣᠨ ᠪᠦᠰᠡ ᠶᠢᠨ ᠵᠠᠭᠤᠴᠢᠯᠠᠭᠤᠷ ᠤᠨ ᠠᠭᠤᠰᠤᠯᠴᠠᠨ ᠬᠥᠭᠵᠢᠬᠦ ᠰᠢᠨ᠎ᠡ ᠬᠠᠭᠤᠳᠠᠰᠤ ᠶᠢ ᠨᠡᠭᠡᠭᠡᠪᠡ᠃ ᠢᠷᠡᠭᠡᠳᠦᠢ ᠶᠢᠨ ᠭᠤᠷᠪᠠᠨ ᠭᠠᠵᠠᠷ ᠭᠠᠷ ᠬᠤᠯᠪᠣᠨ ᠬᠠᠮᠲᠤᠪᠠᠷ ᠭᠠᠵᠠᠷ ᠣᠷᠣᠨ ᠤ ᠰᠣᠶᠣᠯ ᠤᠨ ᠣᠯᠠᠮᠵᠢᠯᠠᠯᠳᠠ ᠪᠠ ᠬᠥᠭᠵᠢᠯᠲᠡ ᠶᠢ ᠳᠡᠮᠵᠢᠨ᠎ᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号