| ᠡᠮᠦᠨᠡᠬᠢ ᠬᠤᠭᠤᠴᠠᠭᠠᠨ ᠤ ᠪᠥᠲᠥᠭᠡᠨ ᠪᠠᠶᠢᠭᠤᠯᠤᠯᠲᠠ ᠪᠠᠷ ᠳᠡᠮᠵᠢᠨ᠂ ᠨᠡᠶᠢᠲᠡ 1567 ᠲᠦᠮᠡᠨ ᠲᠥᠭᠦᠷᠢᠭ ᠤᠨ | ᠪᠠᠯᠠ ᠣᠷᠣᠭᠤᠯᠤᠭᠰᠠᠨ ᠰᠠᠶᠢᠬᠤᠰᠤ ᠭᠠᠴᠠᠭᠠᠨ ᠤ 17 ᠣᠶᠤᠨᠴᠢ ᠬᠦᠯᠡᠮᠵᠢ ᠶᠢᠨ ᠳᠣᠲᠣᠷᠠᠬᠢ 4 ᠬᠦᠯᠡᠮᠵᠢ ᠳᠤ ᠳᠠᠷᠢᠬᠤ | ᠨᠥᠬᠦᠴᠡᠯ ᠢ ᠪᠦᠷᠢᠯᠳᠦᠭᠦᠯᠪᠡ᠃ ᠲᠣᠰᠬᠤᠨ ᠤ ᠠᠷᠠᠳ ᠤᠨ ᠵᠥᠪᠯᠡᠯ ᠤᠨ ᠲᠠᠷᠢᠭᠰᠠᠨ ᠭᠦᠵᠡᠯᠵᠡᠭᠡᠨ᠎ᠡ ᠶᠢᠨ ᠲᠥᠪᠡᠳ ᠬᠠᠰᠢ | ᠂ ᠢᠩᠲᠣᠣᠷ ᠤᠨ ᠲᠥᠪᠡᠳ ᠬᠠᠰᠢ᠂ ᠬᠤᠨᠢᠨ ᠡᠪᠡᠷ ᠤᠨ ᠪᠠᠯᠲᠤ ᠠᠮᠲᠠᠲᠤ ᠬᠡᠮᠬᠡ᠂ ᠲᠥᠪᠡᠳ ᠬᠠᠰᠢ ᠶᠢᠨ ᠤᠷᠭᠤᠯᠲᠠ ᠶᠢᠨ | ᠬᠠᠨᠳᠤᠰᠢ ᠬᠥᠮᠦᠨ ᠢ ᠪᠠᠶᠠᠰᠬᠠᠵᠤ᠂ ᠵᠢᠱᠢᠯᠲᠡ ᠪᠠᠷ 5 ᠰᠠᠷ᠎ᠠ ᠳᠤ ᠲᠡᠭᠦᠵᠦ ᠪᠣᠷᠣᠯᠠᠭᠤᠯᠤᠨ᠎ᠠ᠃ | ᠰᠠᠶᠢᠬᠤᠰᠤ ᠤᠶᠤᠨᠴᠢᠯᠠᠭᠰᠠᠨ ᠬᠦᠯᠡᠮᠵᠢ ᠳᠤ ᠣᠷᠣᠬᠤ ᠳᠤ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠪᠠᠶᠢᠳᠠᠯ | ᠬᠠᠷᠠᠭᠠᠨ ᠳᠤ ᠬᠠᠷᠠᠭᠳᠠᠨ᠎ᠠ᠃ ᠬᠦᠵᠡᠬᠡᠯᠵᠡᠬᠡᠨᠡ ᠶᠢᠨ ᠴᠢᠬᠢ ᠶᠢᠨ ᠬᠤᠭᠤᠷᠣᠨᠳᠣᠬᠢ ᠨᠣᠭᠤᠭᠠᠨ ᠨᠠᠪᠴᠢ ᠨᠢ ᠬᠠᠷᠠᠭᠳᠠᠨ᠎ᠠ᠃ | ᠠᠵᠢᠯᠲᠠᠳ ᠭᠠᠷ ᠡᠷᠭᠦᠨ ᠲᠣᠭᠤᠰᠣ ᠬᠦᠷᠲᠡᠭᠡᠬᠦ ᠮᠠᠰᠢᠨ ᠢ ᠭᠠᠵᠠᠷ ᠳᠡᠭᠡᠷ᠎ᠡ ᠰᠦᠯᠵᠢᠯᠳᠦᠵᠦ᠂ ᠨᠢᠭᠡ ᠰᠠᠭᠤᠷᠢ ᠨᠣᠭᠤᠭᠠᠨ | ᠴᠢᠬᠢᠨ ᠳᠤ ᠲᠣᠭᠤᠰᠣ ᠬᠦᠷᠭᠡᠵᠦ᠂ ᠶᠠᠭᠠᠷᠠᠯᠲᠠᠢ ᠪᠠᠶᠢᠳᠠᠯ ᠨᠢ ᠪᠠᠰᠠ ᠬᠠᠪᠤᠷ ᠤᠨ ᠤᠯᠠᠷᠢᠯ ᠳᠤ ︽ᠵᠣᠯ ᠵᠢᠷᠭᠠᠯᠲᠤ ᠠᠮᠲᠠ︾ | ᠨᠡᠮᠡᠷᠢᠯᠡᠪᠡ᠃ | ᠰᠠᠶᠢᠬᠤᠰᠤ ᠭᠠᠴᠠᠭᠠᠨ ᠤ ᠨᠠᠮ ᠤᠨ ᠡᠭᠦᠷ ᠤᠨ ᠱᠦᠵᠢ ᠪᠠᠶ ᠶᠦᠨ ᠹᠦ᠋᠄ ︽ᠡᠪᠦᠯ ᠤᠨ ᠤᠯᠠᠷᠢᠯ ᠤᠨ | ᠦᠢᠯᠡᠳᠦᠯᠭᠡ ᠪᠠᠷ ᠳᠠᠮᠵᠢᠨ᠂ ᠬᠦᠯᠡᠮᠵᠢ ᠶᠢᠨ ᠳᠤᠯᠠᠭᠠᠯᠠᠭ᠎ᠠ᠂ ᠳᠤᠯᠠᠭᠠᠨ ᠢ ᠬᠠᠮᠠᠭᠠᠯᠠᠬᠤ ᠦᠷ᠎ᠡ ᠪᠦᠲᠦᠮᠵᠢ ᠨᠢ ᠮᠠᠰᠢ ᠰᠠᠶᠢᠨ | ᠪᠠᠶᠢᠵᠤ᠂ ᠬᠠᠮᠤᠭ ᠤᠨ ᠬᠦᠢᠲᠡᠨ ᠤᠯᠠᠷᠢᠯ ᠤᠨ ᠬᠦᠯᠡᠮᠵᠢ ᠶᠢᠨ ᠳᠣᠲᠣᠷ᠎ᠠ ᠪᠣᠯᠤᠨ ᠭᠠᠳᠠᠭᠠᠳᠤ ᠳᠤᠯᠠᠭᠠᠨ ᠤ ᠵᠥᠷᠢᠶ᠎ᠡ ᠨᠢ | 50 ᠭᠷᠡᠳᠦ᠋ᠰ ᠤᠨ ᠣᠷᠴᠢᠮ ᠪᠠᠶᠢᠳᠠᠭ᠃ ᠲᠤᠷᠰᠢᠨ ᠲᠠᠷᠢᠭᠰᠠᠨ 4 ᠲᠥᠷᠥᠯ ᠵᠦᠢᠯ ᠢ ᠲᠠᠪᠤᠨ ᠰᠠᠷ᠎ᠠ ᠶᠢᠨ ᠨᠢᠭᠡᠨ | ᠪᠣᠯᠬᠤ ᠳᠤ ᠲᠡᠭᠦᠵᠦ ᠬᠤᠷᠢᠶᠠᠨ᠎ᠠ᠃ ᠵᠢᠱᠢᠯᠲᠡ ᠪᠠᠷ 4 ᠲᠣᠮᠣ ᠫᠧᠩ ᠤᠨ ᠣᠷᠣᠯᠭ᠎ᠠ ᠶᠢ 6 - 8 ᠲᠦᠮᠡᠨ ᠲᠥᠭᠦᠷᠢᠭ | ᠬᠠᠳᠠᠭᠠᠯᠠᠵᠤ᠂ ᠣᠷᠣᠯᠭ᠎ᠠ ᠶᠢ ᠪᠦᠬᠦᠨ ᠢ ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠬᠤ ᠳᠤ ᠬᠡᠷᠡᠭᠯᠡᠨ᠎ᠡ︾ ᠭᠡᠪᠡ᠃ | ᠰᠢᠨ᠎ᠡ ᠪᠠᠷ ᠪᠠᠶᠢᠭᠤᠯᠤᠭᠰᠠᠨ ᠤᠶᠤᠨᠴᠢᠯᠠᠭᠰᠠᠨ ᠬᠦᠯᠡᠮᠵᠢ ᠳᠤ᠂ ᠬᠥᠷᠥᠰᠥ ᠰᠢᠷᠣᠢ ᠶᠢᠨ ᠴᠢᠭᠢᠭ ᠤᠨ ᠬᠡᠮᠵᠢᠶ᠎ᠡ᠂ | ᠳᠤᠯᠠᠭᠠᠨ ᠤ ᠬᠡᠮᠵᠢᠶ᠎ᠡ᠂ ᠭᠡᠷᠡᠯ ᠤᠨ ᠲᠤᠰᠤᠯᠲᠠ ᠪᠠ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠥᠳᠬᠡᠴᠡ ᠵᠡᠷᠭᠡ | ᠪᠣᠯᠵᠣᠯᠲᠤ ᠲᠤᠭ᠎ᠠ ᠶᠢ ᠴᠠᠭ ᠲᠤᠬᠠᠢ ᠳᠤᠨᠢ ᠬᠢᠨᠠᠨ ᠬᠡᠮᠵᠢᠬᠦ ᠶᠢ ᠪᠡᠶᠡᠯᠡᠭᠦᠯᠵᠦ᠂ ᠪᠠᠰᠠ ᠠᠭᠠᠷ ᠤᠨ ᠡᠨᠧᠷᠭᠢ᠂ ᠠᠦ᠋ᠲ᠋ᠣ᠋ | ᠣᠷᠬᠢᠭᠤᠯ᠂ ᠪᠡᠯᠡᠳᠬᠡᠯ ᠴᠠᠬᠢᠯᠭᠠᠨ ᠭᠠᠷᠭᠠᠬᠤ ᠮᠠᠰᠢᠨ ᠵᠡᠷᠭᠡ ᠲᠠᠷᠢᠶᠠᠯᠠᠩ ᠤᠨ ᠲᠥᠬᠦᠭᠡᠷᠦᠮᠵᠢ ᠶᠢ ᠤᠭᠰᠠᠷᠠᠪᠠ᠃ | ᠬᠦᠯᠡᠮᠵᠢ ᠶᠢᠨ ᠬᠦᠯᠡᠮᠵᠢ ᠳᠤ ᠭᠦᠵᠡᠯᠵᠡᠭᠡᠨ᠎ᠡ ᠶᠢᠨ ᠲᠥᠪᠡᠳ ᠬᠠᠰᠢ᠂ ᠢᠩᠲᠣᠣᠷ ᠤᠨ ᠲᠥᠪᠡᠳ ᠬᠠᠰᠢ ᠵᠡᠷᠭᠡ ᠶᠢ ᠲᠠᠷᠢᠵᠤ᠂ | ᠡᠩ ᠤᠨ ᠵᠢᠮᠢᠰ ᠤᠨ ᠲᠠᠷᠢᠮᠠᠯ ᠢ ᠲᠠᠷᠢᠬᠤ ᠠᠴᠠ ᠬᠤᠶᠠᠷ ᠰᠠᠷ᠎ᠠ ᠤᠷᠢᠳᠴᠢᠯᠠᠨ ᠦᠷ᠎ᠡ ᠳ᠋ᠦᠩ ᠭᠠᠷᠭᠠᠬᠤ ᠪᠥᠭᠡᠳ ᠵᠠᠬ᠎ᠠ | ᠳᠡᠯᠭᠡᠭᠦᠷ ᠲᠤ ᠡᠷᠲᠡᠬᠡᠨ ᠭᠠᠷᠭᠠᠵᠤ᠂ ᠵᠠᠬ᠎ᠠ ᠳᠡᠯᠭᠡᠭᠦᠷ ᠢ ᠵᠠᠪᠳᠤᠨ ᠡᠵᠡᠯᠡᠵᠦ᠂ ᠨᠡᠮᠡᠯᠲᠡ ᠦᠷᠳᠡᠭ ᠢ ᠶᠡᠭᠡ ᠪᠠᠷ | ᠳᠡᠭᠡᠭᠰᠢᠯᠡᠭᠦᠯᠪᠡ᠃ ᠡᠭᠦᠨ ᠤ ᠬᠠᠮᠲᠤ᠂ ᠬᠦᠯᠡᠮᠵᠢ ᠳᠠᠷᠢᠬᠤ᠂ ᠬᠤᠷᠢᠶᠠᠬᠤ ᠶᠠᠪᠤᠴᠠ ᠳᠤ ᠶᠡᠭᠡ ᠬᠡᠮᠵᠢᠶᠡᠨ ᠤ ᠠᠵᠢᠯᠴᠢᠨ | ᠬᠡᠷᠡᠭᠯᠡᠬᠦ ᠴᠢᠬᠤᠯᠠᠲᠠᠶ᠂ ᠡᠨᠡ ᠨᠢ ᠪᠠᠰᠠ ᠨᠣᠭᠤᠭ᠎ᠠ ᠶᠢᠨ ᠲᠠᠷᠢᠶᠠᠴᠢᠳ ᠲᠤ ᠬᠡᠷ ᠪᠦᠯᠢ ᠶᠢᠨ ᠡᠭᠦᠳᠡᠨ ᠳᠤ ᠠᠵᠢᠯ ᠤᠯᠬᠤ | ᠲᠣᠬᠢᠶᠠᠯ ᠢ ᠡᠭᠦᠳᠴᠦ ᠥᠭᠴᠡᠶ᠃ |