【 ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠶᠠᠪᠤᠭᠳᠠᠵᠤ ᠪᠠᠶᠢᠨ᠎ᠠ 】 ᠡᠨᠡ ᠵᠢᠯ ᠤᠨ ᠨᠢᠭᠡᠳᠦᠭᠡᠷ ᠤᠯᠠᠷᠢᠯ ᠳᠤ ᠡᠷᠢᠶᠡᠨ ᠬᠤᠲᠠ ᠶᠢᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠥᠷᠲᠡᠭ 98.4 ᠳ᠋ᠦᠩᠰᠢᠭᠤᠷ ᠲᠥᠭᠦᠷᠢᠭ ᠲᠤ ᠬᠥᠷᠪᠡ
ᠨᠡᠶᠢᠲᠡᠯᠡᠭᠰᠡᠨ ᠴᠠᠭ᠄
2025/4/17
     ᠡᠨᠡ ᠵᠢᠯ ᠤᠨ ᠨᠢᠭᠡᠳᠦᠭᠡᠷ ᠤᠯᠠᠷᠢᠯ ᠳᠤ᠂ ᠡᠷᠢᠶᠡᠨ ᠬᠤᠲᠠ ᠶᠢᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠥᠷᠲᠡᠭ 98.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.1% ᠪᠠᠷ ᠬᠠᠰᠤᠭᠳᠠᠪᠠ᠃ ᠡᠭᠦᠨ ᠳᠤ᠂ ᠭᠠᠳᠠᠭᠠᠳᠤ ᠣᠷᠣᠭᠤᠯᠤᠯᠲᠠ 54.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.5% ᠪᠠᠷ ᠨᠡᠮᠡᠭᠳᠡᠨ᠂ ᠭᠠᠳᠠᠭᠠᠳᠤ ᠭᠠᠷᠭᠠᠯᠲᠠ 43.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.7% ᠪᠠᠷ ᠪᠠᠭᠠᠰᠪᠠ᠃      ᠡᠨᠡ ᠵᠢᠯ ᠠᠴᠠ ᠨᠠᠰᠢ᠂ ᠡᠷᠢᠶᠡᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠪᠣᠭᠤᠮᠲᠠ ᠪᠠᠷ ᠥᠩᠭᠡᠷᠡᠬᠦ ᠴᠢᠳᠠᠪᠤᠷᠢ ᠡᠮᠬᠢ ᠵᠢᠷᠤᠮ ᠲᠠᠢ ᠰᠡᠷᠭᠦᠵᠦ᠂ ᠵᠡᠰ ᠤᠨ ᠬᠦᠳᠡᠷ ᠤᠨ ᠡᠯᠡᠰᠦ᠂ ᠨᠡᠭᠦᠷᠡᠰᠦ᠂ ᠴᠠᠭᠠᠰᠤᠨ ᠡᠭᠡᠳᠡᠩ᠂ ᠲᠡᠮᠦᠷ ᠤᠨ ᠬᠦᠳᠡᠷ ᠵᠡᠷᠭᠡ ᠶᠡᠭᠡ ᠬᠡᠮᠵᠢᠶᠡᠨ ᠤ ᠲᠠᠸᠠᠷ ᠴᠥᠮ ᠨᠡᠮᠡᠭᠳᠡᠬᠦ ᠪᠠᠶᠢᠳᠠᠯ ᠢᠯᠡᠷᠡᠪᠡ᠃ ᠡᠷᠢᠶᠡᠨ ᠪᠣᠭᠤᠮᠲᠠ ᠪᠣᠭᠤᠮᠲᠠ ᠶᠢᠨ ᠪᠣᠳᠠᠲᠠᠢ ᠲᠠᠢ ᠤᠶᠠᠯᠳᠤᠭᠤᠯᠤᠨ ᠠᠵᠤ ᠠᠬᠤᠶᠢᠯᠠᠯ ᠢ ᠬᠠᠪᠰᠤᠷᠤᠨ ᠲᠡᠳᠬᠦᠵᠦ ᠬᠦᠴᠢᠷᠳᠡᠯ ᠢ ᠨᠢ ᠰᠢᠢᠳᠪᠦᠷᠢᠯᠡᠬᠦ ᠲᠤᠰᠬᠠᠢ ᠠᠵᠢᠯᠯᠠᠭ᠎ᠠ ᠶᠢ ᠥᠷᠨᠢᠭᠦᠯᠵᠦ᠂ ︽ᠳᠠᠩ ᠭᠠᠭᠴᠠ ᠴᠣᠩᠬᠤᠪᠴᠢ︾ ᠶᠢᠨ ᠤᠬᠠᠭᠤᠯᠭ᠎ᠠ ᠪᠠ ᠬᠡᠷᠡᠭᠯᠡᠭᠡᠨ ᠤ ᠪᠣᠯᠪᠠᠰᠤᠷᠠᠭᠤᠯᠤᠯ ᠤᠨ ᠡᠷᠴᠢᠮ ᠢ ᠴᠢᠩᠭᠠᠷᠠᠭᠤᠯᠵᠤ᠂ ︽ᠨᠢᠭᠡ ᠳᠤ ᠨᠢᠭᠡ︾ ᠶᠢᠨ ᠠᠵᠤ ᠠᠬᠤᠶᠢᠯᠠᠯ ᠢ ᠵᠢᠯᠣᠭᠤᠳᠤᠨ ︽ᠳᠠᠩ ᠭᠠᠭᠴᠠ ᠴᠣᠩᠬᠤᠪᠴᠢ︾ ᠳᠤ ᠭᠤᠶᠤᠴᠢᠯᠠᠨ ᠮᠡᠳᠡᠭᠦᠯᠬᠦ ᠶᠢ ᠵᠢᠷᠤᠮᠵᠢᠭᠤᠯᠵᠤ᠂ ᠪᠣᠭᠤᠮᠲᠠ ᠶᠢᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠯᠠᠪᠳᠠᠭᠤᠨ ᠪᠠᠲᠤᠲᠠᠢ ᠥᠷᠨᠢᠭᠦᠯᠦᠨ᠂ ᠪᠣᠳᠠᠲᠠᠢ ᠠᠵᠢᠯ ᠢᠶᠠᠷ ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠢᠨ ᠳᠥᠭᠦᠮ ᠳᠥᠲᠡ ᠪᠥᠭᠡᠳ ᠥᠨᠳᠥᠷ ᠪᠦᠲᠦᠮᠵᠢᠲᠡᠶ ᠪᠠᠷ ᠪᠣᠭᠤᠮᠲᠠ ᠪᠠᠷ ᠥᠩᠭᠡᠷᠡᠬᠦ ᠶᠢ ᠪᠠᠲᠤᠯᠠᠨ᠎ᠠ᠃      ᠳᠠᠷᠠᠭᠠᠴᠢ ᠶᠢᠨ ᠠᠯᠬᠤᠮ ᠳᠤ᠂ ᠡᠷᠢᠶᠡᠨ ᠪᠣᠭᠤᠮᠲᠠ ᠶᠢᠨ ᠬᠢᠨ ᠦᠷᠭᠦᠯᠵᠢᠯᠡᠨ ︽ᠳᠠᠩ ᠭᠠᠭᠴᠠ ᠴᠣᠩᠬᠤᠪᠴᠢ︾ ᠪᠠᠷ ᠲᠠᠪᠴᠠᠩ ᠪᠣᠯᠭᠠᠵᠤ᠂ ︽ᠳᠠᠩ ᠭᠠᠭᠴᠠ ᠴᠣᠩᠬᠤᠪᠴᠢ︾ ᠶᠢᠨ ᠡᠯ᠎ᠡ ᠵᠦᠢᠯ ᠤᠨ ᠳᠥᠭᠦᠮ ᠳᠥᠲᠡ ᠴᠢᠳᠠᠮᠵᠢ ᠶᠢ ᠭᠦᠢᠴᠡᠳ ᠠᠭᠤᠳᠠᠯᠵᠤ᠂ ︽ᠬᠤᠷᠢᠶᠠᠩᠭᠤᠶᠢᠯᠠᠨ ᠭᠠᠶᠢᠯᠢ ᠲᠠᠲᠠᠪᠤᠷᠢᠯᠠᠬᠤ︾᠂ ︽ᠬᠤᠶᠠᠷ ᠠᠯᠬᠤᠮ ᠢᠶᠠᠷ ᠭᠤᠶᠤᠴᠢᠯᠠᠨ ᠮᠡᠳᠡᠭᠦᠯᠬᠦ︾ ᠵᠡᠷᠭᠡ ᠪᠣᠭᠤᠮᠲᠠ ᠪᠠᠷ ᠳᠥᠭᠦᠮ ᠳᠥᠲᠡ ᠥᠩᠭᠡᠷᠡᠬᠦ ᠵᠠᠭᠪᠤᠷ ᠢ ᠯᠠᠪᠳᠠᠭᠤᠨ ᠪᠠᠲᠤᠲᠠᠢ ᠠᠬᠢᠭᠤᠯᠵᠤ᠂ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠣᠯᠠᠨ ᠠᠷᠭ᠎ᠠ ᠵᠠᠮ ᠢᠶᠠᠷ ᠰᠠᠶᠢᠲᠤᠷ ᠬᠢᠵᠦ᠂ ᠪᠣᠭᠤᠮᠲᠠ ᠶᠢᠨ ᠥᠷᠭᠡᠨ ᠣᠯᠠᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠵᠤ ᠠᠬᠤᠶᠢᠯᠠᠯ ᠳᠤ ᠦᠨᠡᠨ ᠪᠣᠳᠠᠲᠠᠢ ᠲᠥᠷᠥ ᠶᠢᠨ ᠪᠣᠳᠣᠯᠭ᠎ᠠ ᠶᠢᠨ ᠠᠰᠢᠭ ᠬᠦᠷᠲᠡᠭᠡᠵᠦ᠂ ᠪᠣᠭᠤᠮᠲᠠ ᠶᠢᠨ ᠤᠯᠠᠮ ᠨᠢᠭᠡ ᠠᠯᠬᠤᠮ ᠬᠥᠭᠵᠢᠬᠦ ᠳᠤ ᠬᠦᠴᠦᠨ ᠨᠡᠮᠡᠷᠢᠯᠡᠨ᠎ᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号