ᠸᠠᠩ ᠰᠠᠨ ᠱᠢ ᠳᠤᠮᠳᠠᠳᠤ ᠤᠯᠤᠰ ᠤᠨ ᠲᠡᠮᠦᠷ ᠵᠠᠮ ᠤᠨ ᠠᠷᠪᠠᠨ ᠲᠠᠪᠤᠳᠤᠭᠠᠷ ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠯᠢ ᠪᠢᠩ ᠨᠡᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2025/4/18
      4 ᠰᠠᠷ᠎ᠠ ᠶᠢᠨ 17 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠰᠠᠨ ᠱᠢ ᠳᠤᠮᠳᠠᠳᠤ ᠤᠯᠤᠰ ᠤᠨ ᠲᠡᠮᠦᠷ ᠵᠠᠮ ᠤᠨ ᠠᠷᠪᠠᠨ ᠲᠠᠪᠤᠳᠤᠭᠠᠷ ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠯᠢ ᠪᠢᠩ ᠨᠠᠷ ᠲᠠᠢ ᠠᠭᠤᠯᠵᠠᠵᠤ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠶᠢᠨ ᠲᠣᠭᠤᠷᠢᠨ ᠳᠤ ᠶᠠᠷᠢᠯᠴᠠᠨ ᠰᠣᠯᠢᠯᠴᠠᠪᠠ᠃       ᠸᠠᠩ ᠰᠠᠨ ᠱᠢ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠢ ᠲᠥᠯᠥᠭᠡᠯᠡᠨ ᠯᠢ ᠪᠢᠩ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠣᠳᠣᠬᠠᠨ ᠳᠤ ᠡᠷᠢᠶᠡᠨ ᠬᠤᠳᠠ ᠶᠠᠭ ᠬᠥᠭᠵᠢᠯᠲᠡ ᠶᠢ ᠶᠡᠬᠡᠪᠡᠷ ᠠᠳᠬᠤᠬᠤ᠂ ᠬᠥᠭᠵᠢᠯᠲᠡ ᠶᠢ ᠲᠦᠷᠭᠡᠳᠬᠡᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ ᠪᠠᠶᠢᠨ᠎ᠠ᠂ ᠳᠤᠮᠳᠠᠳᠤ ᠮᠣᠩᠭᠤᠯ ᠤᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠲᠦᠷᠭᠡᠨ ᠪᠦᠳᠦᠭᠡᠨ ᠪᠠᠶᠢᠭᠤᠯᠵᠤ᠂ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠠᠯᠤᠰ ᠢᠷᠡᠭᠡᠳᠦᠢ ᠮᠠᠰᠢ ᠥᠷᠭᠡᠨ ᠠᠭᠤᠳᠠᠮ ᠪᠠᠶᠢᠨ᠎ᠠ᠃ ᠪᠢᠳᠡ ᠳᠤᠷᠠᠲᠠᠶ᠎ᠠ ᠳᠤᠮᠳᠠᠳᠤ ᠮᠣᠩᠭᠤᠯ ᠤᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠳᠤ ᠣᠯᠭᠤᠭᠰᠠᠨ ᠤᠯᠤᠰ ᠤᠨ ᠳᠡᠮᠵᠢᠯᠭᠡ ᠶᠢᠨ ᠲᠦᠷᠦ ᠶᠢᠨ ᠪᠤᠳᠤᠯᠭ᠎ᠠ ᠶᠢᠨ ᠲᠣᠭᠤᠷᠢᠨ ᠳᠤ᠂ ᠳᠤᠮᠳᠠᠳᠤ ᠮᠣᠩᠭᠤᠯ ᠤᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠤ ᠰᠠᠭᠤᠷᠢ ᠲᠥᠬᠦᠭᠡᠷᠦᠮᠵᠢ ᠵᠡᠷᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠵᠢᠯ ᠤᠨ ᠳᠣᠲᠣᠷ᠎ᠠ ᠪᠡᠯᠭᠡ ᠲᠡᠮᠳᠡᠭ ᠤᠨ ᠴᠢᠨᠠᠷᠲᠠᠢ ᠰᠢᠪᠲᠤᠯᠤᠯᠲᠠ ᠭᠠᠷᠭᠠᠬᠤ ᠪᠠᠷ ᠴᠢᠷᠮᠠᠶᠢᠨ᠎ᠠ ᠭᠡᠵᠡᠢ᠃ ᠳᠤᠮᠳᠠᠳᠤ ᠤᠯᠤᠰ ᠤᠨ ᠲᠡᠮᠦᠷ ᠵᠠᠮ ᠤᠨ ᠠᠷᠪᠠᠨ ᠲᠠᠪᠤᠳᠤᠭᠠᠷ ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠲᠡᠮᠦᠷ ᠵᠠᠮ᠂ ᠵᠠᠰᠠᠮᠠᠯ ᠵᠠᠮ᠂ ᠬᠡᠷ ᠪᠠᠶᠢᠰᠢᠩ ᠤᠨ ᠪᠥᠲᠥᠭᠡᠨ ᠪᠠᠶᠢᠭᠤᠯᠤᠯᠲᠠ ᠵᠢᠴᠢ ᠢᠨᠵᠧᠨᠧᠷᠢᠩ ᠤᠨ ᠵᠢᠷᠤᠭ ᠲᠥᠯᠥᠪᠯᠡᠭᠡ᠂ ᠪᠠᠷᠢᠯᠭ᠎ᠠ ᠪᠠᠷᠢᠬᠤ ᠵᠡᠷᠭᠡ ᠬᠦᠷᠢᠶᠡᠨ ᠳᠤ ᠡᠯᠪᠡᠭ ᠪᠠᠶᠠᠯᠢᠭ ᠪᠣᠳᠠᠲᠤ ᠬᠦᠴᠦᠨ ᠪᠠ ᠪᠠᠶᠠᠯᠢᠭ ᠲᠤᠷᠰᠢᠯᠭ᠎ᠠ ᠲᠠᠢ ᠪᠠᠶᠢᠵᠤ᠂ ᠠᠵᠤ ᠠᠬᠤᠶᠢᠯᠠᠯ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠳᠤᠮᠳᠠᠳᠤ ᠮᠣᠩᠭᠤᠯ ᠤᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠤ ᠪᠥᠲᠥᠭᠡᠨ ᠪᠠᠶᠢᠭᠤᠯᠤᠯᠲᠠ ᠳᠤ ᠭᠦᠨᠵᠡᠭᠡᠶ ᠣᠷᠣᠯᠴᠠᠬᠤ ᠶᠢ ᠬᠦᠰᠡᠵᠦ ᠪᠠᠶᠢᠨ᠎ᠠ᠃ ᠠᠵᠤ ᠠᠬᠤᠶᠢᠯᠠᠯ ᠤᠨ ᠬᠢᠨ ᠬᠤᠶᠠᠳᠤᠭᠠᠷ ᠱᠤᠭᠤᠮ ᠤᠨ ᠬᠤᠣᠰ ᠡᠷᠴᠢᠯᠡᠭᠦᠷ ᠢ ᠴᠠᠬᠢᠯᠭᠠᠨᠵᠢᠭᠤᠯᠤᠨ ᠥᠭᠡᠷᠡᠴᠢᠯᠡᠬᠦ ᠲᠦᠷᠦᠯ ᠵᠦᠢᠯ᠂ ᠥᠷᠭᠡᠨ ᠪᠠᠷᠢᠮᠵᠢᠶᠠᠲᠤ ᠵᠠᠮ ᠢ ᠨᠡᠮᠡᠵᠦ ᠪᠠᠶᠢᠭᠤᠯᠬᠤ ᠬᠤᠶᠠᠳᠤᠭᠠᠷ ᠱᠤᠭᠤᠮ ᠤᠨ ᠢᠨᠵᠧᠨᠧᠷᠢᠩ ᠢ ᠭᠤᠶᠤᠴᠢᠯᠠᠨ ᠪᠠᠶᠢᠭᠤᠯᠬᠤ ᠠᠬᠢᠴᠠ ᠶᠢ ᠠᠬᠢᠭᠤᠯᠵᠤ᠂ ᠪᠢᠳᠡᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠥᠷᠭᠡᠳᠬᠡᠬᠦ ᠳᠤ ᠬᠥᠭᠦᠷᠭᠡ ᠲᠠᠯᠪᠢᠵᠤ᠂ ᠬᠤᠶᠠᠷ ᠲᠠᠯ᠎ᠠ ᠪᠠᠷ ᠢᠶᠠᠨ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠭᠠᠷ ᠬᠤᠯᠪᠣᠨ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃       ᠯᠢ ᠪᠢᠩ ᠠᠵᠤ ᠠᠬᠤᠶᠢᠯᠠᠯ ᠤᠨ ᠬᠥᠭᠵᠢᠯᠲᠡ ᠶᠢᠨ ᠶᠠᠪᠤᠴᠠ᠂ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠪᠣᠯᠤᠨ ᠲᠤᠬᠠᠶᠢᠯᠠᠭᠰᠠᠨ ᠠᠵᠢᠯ ᠤᠨ ᠪᠠᠶᠢᠷᠢᠰᠢᠭᠤᠯᠤᠯᠲᠠ ᠶᠢᠨ ᠪᠠᠶᠢᠳᠠᠯ ᠢ ᠲᠠᠨᠢᠯᠴᠠᠭᠤᠯᠵᠤ᠂ ᠡᠷᠢᠶᠡᠨ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠬᠠᠯᠠᠮᠵᠢᠯᠠᠯ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠡᠷᠢᠶᠡᠨ ᠬᠤᠲᠠ ᠶᠢᠨ ᠪᠣᠭᠤᠮᠲᠠ ᠶᠢᠨ ᠬᠥᠭᠵᠢᠯᠲᠡ ᠶᠢᠨ ᠢᠷᠡᠭᠡᠳᠦᠢ ᠥᠷᠭᠡᠨ ᠠᠭᠤᠳᠠᠮ ᠪᠠᠶᠢᠨ᠎ᠠ᠃ ᠳᠤᠮᠳᠠᠳᠤ ᠤᠯᠤᠰ ᠤᠨ ᠲᠡᠮᠦᠷ ᠵᠠᠮ ᠤᠨ ᠠᠷᠪᠠᠨ ᠲᠠᠪᠤᠳᠤᠭᠠᠷ ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠡᠷᠢᠶᠡᠨ ᠬᠤᠲᠠ ᠳᠠᠬᠢ ᠪᠡᠯᠡ ᠣᠷᠣᠭᠤᠯᠤᠯᠲᠠ ᠪᠠ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠠᠷᠠᠭᠠᠴᠢ ᠶᠢᠨ ᠠᠯᠬᠤᠮ ᠳᠤ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ ᠵᠣᠯᠭᠠᠭᠤᠯᠵᠤ᠂ ᠬᠤᠶᠠᠷ ᠲᠠᠯ᠎ᠠ ᠪᠠᠷ ᠢᠶᠠᠨ ᠳᠤᠮᠳᠠᠳᠤ ᠮᠣᠩᠭᠤᠯ ᠤᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠤ ᠪᠦᠳᠦᠭᠡᠨ ᠪᠠᠶᠢᠭᠤᠯᠤᠯᠲᠠ᠂ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ᠂ ᠬᠤᠳᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ ᠬᠤᠯᠠᠨ ᠰᠢᠷᠭ᠎ᠠ ᠲᠠᠭ᠎ᠠ ᠶᠢᠨ ᠡᠯᠡᠰᠦ ᠶᠢ ᠵᠠᠰᠠᠬᠤ ᠵᠡᠷᠭᠡ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠦᠨᠳᠦᠰᠦᠨ ᠱᠠᠲᠤᠨ ᠳᠤ ᠠᠭᠤᠰᠤᠯᠴᠠᠵᠤ᠂ ᠪᠣᠭᠤᠮᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠨ᠎ᠠ ᠭᠡᠵᠦ ᠢᠯᠡᠳᠬᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号