| | ᠡᠨᠡ ᠵᠢᠯ ᠤᠨ ᠨᠢᠭᠡᠳᠦᠭᠡᠷ ᠤᠯᠠᠷᠢᠯ ᠳᠤ᠂ ᠮᠠᠨ ᠤ ᠬᠤᠲᠠ ᠶᠢᠨ ᠵᠢᠭᠤᠯᠴᠢᠯᠠᠯ ᠤᠨ ᠶᠡᠷᠦᠩᠬᠡᠶ ᠣᠷᠣᠯᠭ᠎ᠠ | ᠠᠳᠠᠯᠢ ᠬᠤᠭᠤᠴᠠᠭᠠᠨ ᠤ ᠬᠢ ᠠᠴᠠ 24.5% ᠪᠠᠷ ᠨᠡᠮᠡᠭᠳᠡᠵᠦ᠂ ᠵᠢᠭᠤᠯᠴᠢᠯᠠᠯ ᠤᠨ ᠦᠢᠯᠡᠰ ᠤᠨ ᠶᠡᠷᠦᠩᠬᠡᠶ | ᠣᠷᠣᠯᠭ᠎ᠠ 11 ᠳ᠋ᠦᠩᠰᠢᠭᠤᠷ ᠲᠥᠭᠦᠷᠢᠭ ᠲᠤ ᠬᠦᠷᠴᠡᠶ᠃ | ᠨᠢᠭᠡᠳᠦᠭᠡᠷ ᠤᠯᠠᠷᠢᠯ ᠳᠤ ᠮᠠᠨ ᠤ ᠬᠤᠲᠠ ᠤᠯᠤᠰ ᠤᠨ ᠳᠣᠲᠣᠭᠠᠳᠤ ᠭᠠᠳᠠᠭᠠᠳᠤ ᠶᠢᠨ ᠵᠢᠭᠤᠯᠴᠢᠯᠠᠭᠴᠢ ᠶᠢ | 51 ᠲᠦᠮᠡᠨ ᠬᠥᠮᠦᠨ ᠤᠳᠠᠭ᠎ᠠ ᠬᠦᠯᠢᠶᠡᠨ ᠠᠪᠴᠤ᠂ ᠠᠳᠠᠯᠢ ᠬᠤᠭᠤᠴᠠᠭᠠᠨ ᠠᠴᠠ 7 % ᠳᠣᠷᠣᠭᠰᠢᠯᠠᠵᠠᠢ᠃ | ᠡᠭᠦᠨ ᠳᠤ ᠣᠯᠣᠰ ᠤᠨ ᠳᠣᠲᠣᠭᠠᠳᠤ ᠶᠢᠨ ᠵᠢᠭᠤᠯᠴᠢᠯᠠᠭᠴᠢᠳ ᠢ 21.9 ᠲᠦᠮᠡᠨ ᠬᠥᠮᠥᠨ ᠤᠳᠠᠭ᠎ᠠ᠂ | ᠭᠠᠳᠠᠭᠠᠳᠤ ᠶᠢᠨ ᠵᠢᠭᠤᠯᠴᠢᠯᠠᠭᠴᠢᠳ ᠢ 29.1 ᠲᠦᠮᠡᠨ ᠬᠥᠮᠥᠨ ᠤᠳᠠᠭ᠎ᠠ ᠬᠦᠯᠢᠶᠡᠨ ᠠᠪᠴᠠᠢ᠃ ᠵᠢᠭᠤᠯᠴᠢᠯᠠᠯ ᠤᠨ | ᠦᠢᠯᠡᠰ ᠤᠨ ᠶᠡᠷᠦᠩᠬᠡᠶ ᠣᠷᠣᠯᠭ᠎ᠠ ᠶᠢ 11 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 24.5% ᠪᠠᠷ ᠨᠡᠮᠡᠭᠳᠡᠪᠡ᠃ ᠡᠭᠦᠨ ᠳᠤ᠂ ᠤᠯᠤᠰ ᠤᠨ ᠳᠣᠲᠣᠭᠠᠳᠤ ᠶᠢᠨ | ᠵᠢᠭᠤᠯᠴᠢᠯᠠᠯ ᠤᠨ ᠣᠷᠣᠯᠭ᠎ᠠ ᠶᠢ 2.5 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠭᠠᠳᠠᠭᠠᠳᠤ ᠶᠢᠨ ᠵᠢᠭᠤᠯᠴᠢᠯᠠᠯ ᠤᠨ | ᠣᠷᠣᠯᠭ᠎ᠠ ᠶᠢ 8.5 ᠳ᠋ᠦᠩᠰᠢᠭᠤᠷ ᠲᠥᠭᠦᠷᠢᠭ ᠪᠡᠶᠡᠯᠡᠭᠦᠯᠪᠡ᠃ | | | | | ᠡᠨᠡ ᠵᠢᠯ ᠮᠠᠨ ᠤ ᠬᠤᠲᠠ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠴᠢᠨᠠᠷ ᠰᠠᠶᠢᠲᠠᠶ ᠬᠥᠭᠵᠢᠯᠲᠡ ᠶᠢ | ᠳᠡᠮᠵᠢᠬᠦ ᠠᠷᠭ᠎ᠠ ᠬᠡᠮᠵᠢᠶ᠎ᠡ ᠶᠢ ᠦᠷᠭᠦᠯᠵᠢᠯᠡᠨ ᠨᠡᠶᠢᠲᠡᠯᠡᠵᠦ᠂ ᠬᠢᠯᠢ ᠠᠯᠤᠰᠯᠠᠨ ᠵᠢᠭᠤᠯᠴᠢᠯᠠᠬᠤ᠂ ᠥᠪᠡᠷ ᠢᠶᠠᠨ ᠲᠡᠷᠭᠡ | ᠵᠢᠯᠣᠭᠤᠳᠤᠨ ᠵᠢᠭᠤᠯᠴᠢᠯᠠᠬᠤ᠂ ᠬᠢᠯᠢ ᠶᠢᠨ ᠪᠣᠭᠤᠮᠲᠠ ᠪᠠᠷ ᠵᠢᠭᠤᠯᠴᠢᠯᠠᠬᠤ᠂ ᠠᠪᠤᠷᠭᠤ ᠭᠦᠷᠪᠡᠯ ᠤᠨ ᠰᠣᠶᠣᠯ ᠤᠨ | ᠵᠢᠭᠤᠯᠴᠢᠯᠠᠯ ᠢ ᠦᠷᠭᠦᠯᠵᠢᠯᠡᠨ ᠳᠡᠭᠡᠭᠰᠢᠯᠡᠭᠦᠯᠬᠦ ᠶᠢ ᠢᠳᠡᠪᠬᠢᠲᠡᠶ ᠠᠬᠢᠭᠤᠯᠬᠤ ᠶᠢᠨ ᠬᠠᠮᠲᠤ ᠤᠯᠤᠰ ᠤᠨ ᠳᠣᠲᠣᠭᠠᠳᠤ | ᠭᠠᠳᠠᠭᠠᠳᠤ ᠶᠢᠨ ᠵᠢᠭᠤᠯᠴᠢᠯᠠᠭᠴᠢᠳ ᠤᠨ ᠬᠥᠮᠦᠨ ᠤᠳᠠᠭ᠎ᠠ ᠶᠢ 10% ᠣᠷᠴᠢᠮ ᠨᠡᠮᠡᠭᠳᠡᠭᠦᠯᠬᠦ ᠪᠠᠷ ᠴᠢᠷᠮᠠᠶᠢᠨ᠎ᠠ᠃ | | | | | ᠡᠷᠢᠶᠡᠨ ᠬᠤᠲᠠ ᠶᠢᠨ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠳᠠᠷᠤᠭ᠎ᠠ | ᠵᠠᠩ ᡁᠢ᠄ ︽ᠲᠠᠷᠠᠭᠠᠴᠢ ᠶᠢᠨ ᠠᠯᠬᠤᠮ ᠳᠤ᠂ ᠡᠷᠢᠶᠡᠨ ᠬᠤᠲᠠ ᠰᠢᠨ᠎ᠡ ᠶᠢ ᠡᠭᠦᠳᠬᠦ ᠡᠷᠴᠢᠮ ᠢᠶᠠᠨ ᠦᠷᠭᠦᠯᠵᠢᠯᠡᠨ | ᠴᠢᠩᠭᠠᠷᠠᠭᠤᠯᠵᠤ᠂ ᠪᠣᠭᠤᠮᠲᠠ ᠶᠢᠨ ᠬᠥᠭᠵᠢᠯᠲᠡ ᠶᠢᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ᠂ | ᠪᠣᠭᠤᠮᠲᠠ ᠶᠢᠨ ᠵᠢᠭᠤᠯᠴᠢᠯᠠᠯ ᠤᠨ ᠰᠢᠨ᠎ᠡ ᠨᠡᠷ᠎ᠡ ᠶᠢᠨ ᠬᠠᠭᠤᠳᠠᠰᠤ ᠶᠢ ᠬᠦᠴᠦᠯᠡᠨ ᠡᠭᠦᠳᠴᠦ᠂ ᠣᠲᠣ ᠦᠶ᠎ᠡ ᠶᠢᠨ | ᠵᠢᠭᠤᠯᠴᠢᠯᠠᠯ ᠤᠨ ᠦᠢᠯᠡᠰ ᠤᠨ ᠰᠢᠰᠲ᠋ᠧᠮᠵᠢ ᠶᠢ ᠲᠡᠭᠦᠯᠳᠡᠷᠵᠢᠭᠦᠯᠦᠨ᠂ ᠪᠣᠭᠤᠮᠲᠠ ᠶᠢᠨ ᠵᠢᠭᠤᠯᠴᠢᠯᠠᠯ ᠤᠨ | ᠦᠢᠯᠡᠰ ᠤᠨ ᠬᠥᠭᠵᠢᠯᠲᠡ ᠶᠢᠨ ᠠᠬᠢᠴᠠ ᠶᠢ ᠲᠦᠷᠭᠡᠳᠬᠡᠨ ᠠᠬᠢᠭᠤᠯᠵᠤ᠂ ᠵᠢᠭᠤᠯᠴᠢᠯᠠᠯ ᠤᠨ ᠦᠢᠯᠡᠰ ᠢ | ᠪᠣᠭᠤᠮᠲᠠ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠥᠳᠡᠯᠭᠡᠭᠦᠷ ᠪᠣᠯᠭᠠᠬᠤ ᠶᠢ | ᠠᠬᠢᠭᠤᠯᠤᠨ᠎ᠠ ᠭᠡᠪᠡ᠃ | | | | | ᠤᠢᠢᠷ᠎ᠠ ᠶᠢᠨ ᠵᠢᠯ ᠠᠴᠠ᠂ ᠳᠤᠮᠳᠠᠳᠤ ᠮᠣᠩᠭᠤᠯ ᠬᠤᠶᠠᠷ ᠲᠠᠯ᠎ᠠ ᠪᠠᠷ ᠢᠶᠠᠨ ᠵᠤᠭᠠᠴᠠᠯ ᠤᠨ ᠡᠬᠢ ᠪᠠᠶᠠᠯᠢᠭ ᠢ | ᠬᠠᠮᠲᠤᠪᠠᠷ ᠡᠳ᠋ᠯᠡᠬᠦ᠂ ᠵᠠᠮ ᠱᠤᠭᠤᠮ ᠤᠨ ᠵᠢᠷᠤᠭ ᠲᠥᠯᠥᠪᠯᠡᠭᠡ ᠶᠢ ᠰᠢᠯᠢᠳᠡᠭᠵᠢᠭᠦᠯᠬᠦ ᠵᠡᠷᠭᠡ ᠤᠯᠠᠨ ᠲᠠᠯ᠎ᠠ ᠪᠠᠷ | ᠭᠦᠨᠵᠡᠭᠡᠢ ᠬᠠᠮᠲᠤᠷᠠᠯᠴᠠᠭ᠎ᠠ ᠥᠷᠨᠢᠭᠦᠯᠵᠦ᠂ ᠪᠣᠭᠤᠮᠲᠠ ᠶᠢᠨ ᠬᠢᠯᠢ ᠠᠯᠤᠰᠯᠠᠭᠰᠠᠨ ᠵᠤᠭᠠᠴᠠᠯ ᠤᠨ ᠦᠢᠯᠡᠰ ᠪᠣᠯᠤᠨ | ᠬᠤᠶᠠᠷ ᠤᠯᠤᠰ ᠤᠨ ᠬᠤᠭᠤᠷᠣᠨᠳᠣᠬᠢ ᠵᠤᠭᠠᠴᠠᠯ ᠤᠨ ᠰᠣᠶᠣᠯ ᠤᠨ ᠰᠣᠯᠢᠯᠴᠠᠭᠠᠨ ᠤ ᠴᠢᠨᠠᠷ ᠰᠠᠶᠢᠲᠠᠢ | ᠬᠥᠭᠵᠢᠯᠲᠡ ᠶᠢ ᠬᠦᠴᠦᠲᠡᠢ ᠠᠬᠢᠭᠤᠯᠪᠠ᠃ | 2024 ᠣᠨ ᠳᠤ ᠮᠠᠨ ᠤ ᠬᠤᠲᠠ ᠪᠦᠬᠦ ᠵᠢᠯ ᠳᠤ ᠤᠯᠤᠰ ᠤᠨ ᠳᠣᠲᠣᠭᠠᠳᠤ ᠭᠠᠳᠠᠭᠠᠳᠤ ᠶᠢᠨ | ᠵᠤᠭᠠᠴᠠᠭᠰᠠᠳ ᠢ 223 ᠲᠦᠮᠡᠨ ᠬᠥᠮᠦᠨ ᠤᠳᠠᠭ᠎ᠠ ᠬᠦᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ 33. | 7% ᠪᠠᠷ ᠨᠡᠮᠡᠭᠳᠡᠵᠦ᠂ ᠵᠤᠭᠠᠴᠠᠯ ᠤᠨ ᠦᠢᠯᠡᠰ ᠤᠨ ᠶᠡᠷᠦᠩᠬᠡᠢ ᠣᠷᠣᠯᠭ᠎ᠠ ᠶᠢ 44.5 ᠳ᠋ᠦᠩᠰᠢᠭᠤᠷ ᠲᠥᠭᠦᠷᠢᠭ | ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 39.4% ᠪᠠᠷ ᠨᠡᠮᠡᠭᠳᠡᠪᠡ᠃ |