【 ᠭᠤᠣᠯᠳᠠᠯᠭ᠎ᠠ ᠲᠠᠢ ᠲᠥᠷᠥᠯ ᠵᠦᠢᠯ ᠳᠤ ᠠᠩᠬᠠᠷᠤᠯ ᠢᠶᠠᠨ ᠲᠥᠪᠯᠡᠷᠡᠭᠦᠯᠦᠨ᠎ᠡ 】 ᠳᠤᠮᠳᠠᠳᠤ ᠮᠣᠩᠭᠤᠯ ᠤᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠤ ᠠᠰᠠᠷ ᠤᠨ ᠳᠣᠲᠣᠭᠠᠳᠤ ᠶᠢᠨ ᠵᠠᠰᠠᠯ ᠴᠢᠮᠡᠭᠯᠡᠯ ᠵᠢᠴᠢ ᠤᠭᠰᠠᠷᠠᠬᠤ ᠢᠨᠵᠧᠨᠧᠷᠢᠩ ᠤᠨ ᠬᠠᠭᠠᠰ ᠰᠢᠬᠠᠮ ᠪᠠᠷᠢᠯᠭ᠎ᠠ ᠶᠢᠨ ᠬᠡᠮᠵᠢᠶ᠎ᠡ ᠶᠢ ᠪᠠᠶᠢᠴᠠᠭᠠᠨ ᠰᠢᠯᠭᠠᠪᠠ
ᠨᠡᠶᠢᠲᠡᠯᠡᠭᠰᠡᠨ ᠴᠠᠭ᠄
2025/4/18
     ᠣᠳᠣᠬᠠᠨ ᠳᠤ᠂ ᠳᠤᠮᠳᠠᠳᠤ ᠮᠣᠩᠭᠤᠯ ᠤᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠤ ᠪᠠᠶᠢᠴᠠᠭᠠᠨ ᠰᠢᠯᠭᠠᠬᠤ ᠠᠰᠠᠷ ᠤᠨ ᠳᠣᠲᠣᠭᠠᠳᠤ ᠶᠢᠨ ᠵᠠᠰᠠᠵᠤ ᠴᠢᠮᠡᠭᠯᠡᠬᠦ ᠵᠢᠴᠢ ᠤᠭᠰᠠᠷᠠᠬᠤ ᠢᠨᠵᠧᠨᠧᠷᠢᠩ ᠨᠢ ᠨᠢᠭᠡᠨᠲᠡ ᠶᠡᠷᠦᠩᠬᠡᠶ ᠪᠠᠷᠢᠯᠭ᠎ᠠ ᠶᠢᠨ 40% ᠶᠢ ᠪᠡᠶᠡᠯᠡᠭᠦᠯᠵᠦ᠂ 7 ᠰᠠᠷ᠎ᠠ ᠶᠢᠨ ᠰᠡᠭᠦᠯᠴᠢ ᠪᠠᠷ ᠠᠵᠢᠯ ᠢᠶᠠᠨ ᠳᠠᠭᠤᠰᠬᠠᠬᠤ ᠬᠠᠷᠠᠯᠲᠠ ᠲᠡᠶᠢᠰᠢ ᠯᠠᠪᠳᠠᠭᠤᠨ ᠪᠠᠲᠤᠲᠠᠶ ᠨᠢᠭᠡ ᠠᠯᠬᠤᠮ ᠠᠯᠬᠤᠪᠠ᠃      ᠠᠰᠠᠷ ᠤᠨ ᠳᠣᠲᠣᠭᠠᠳᠤ ᠶᠢᠨ ᠵᠠᠰᠠᠯ ᠴᠢᠮᠡᠭᠯᠡᠯ ᠵᠢᠴᠢ ᠤᠭᠰᠠᠷᠠᠬᠤ ᠪᠠᠷᠢᠯᠭ᠎ᠠ ᠶᠢᠨ ᠲᠤᠬᠠᠶ ᠶᠢᠨ ᠲᠠᠯᠠᠪᠠᠢ ᠳᠤ᠂ ᠠᠵᠢᠯᠴᠢᠳ ᠶᠠᠭ ᠪᠠᠷᠢᠯᠭ᠎ᠠ ᠶᠢᠨ ︽ᠰᠢᠵᠢᠷ ᠠᠯᠲᠠᠨ ᠬᠤᠭᠤᠴᠠᠭ᠎ᠠ︾ ᠶᠢ ᠵᠠᠪᠳᠤᠨ ᠠᠳᠬᠤᠵᠤ᠂ ᠪᠠᠷᠢᠯᠭ᠎ᠠ ᠶᠢᠨ ᠠᠬᠢᠴᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ ᠪᠠᠶᠢᠨ᠎ᠠ᠃ ᠭᠠᠯ ᠤᠨᠲᠠᠷᠠᠭᠠᠬᠤ ᠳᠤ ᠰᠠᠯᠬᠢ ᠨᠡᠪᠲᠡᠷᠡᠭᠦᠯᠬᠦ ᠠᠭᠠᠷ ᠲᠣᠬᠢᠷᠠᠭᠤᠯᠤᠭᠴᠢ ᠶᠢᠨ ᠰᠢᠰᠲ᠋ᠧᠮ ᠢ ᠤᠭᠰᠠᠷᠠᠭᠰᠠᠨ ᠠᠵᠢᠯᠴᠢᠳ ᠰᠠᠯᠬᠢ ᠨᠡᠪᠲᠡᠷᠡᠭᠦᠯᠬᠦ ᠬᠤᠭᠤᠯᠠᠶ ᠶᠢ ᠭᠠᠩᠨᠠᠨ ᠵᠠᠯᠭᠠᠵᠤ᠂ ᠲᠦᠷᠭᠡᠨ ᠠᠵᠢᠯᠯᠠᠬᠤ ᠶᠠᠭᠠᠷᠠᠯᠲᠠᠢ ᠪᠠᠶᠢᠳᠠᠯ ᠢᠯᠡᠷᠡᠪᠡ᠃      ᠣᠳᠣᠬᠠᠨ ᠳᠤ ᠪᠦᠬᠦ᠋ᠢᠯᠡ ᠪᠠᠷᠢᠯᠭ᠎ᠠ ᠶᠢᠨ ᠠᠵᠢᠯ ᠤᠨ ᠲᠤᠬᠠᠢ ᠶᠢᠨ ᠲᠠᠯᠠᠪᠠᠢ ᠶᠢᠨ ᠵᠠᠭᠤ ᠭᠠᠷᠤᠢ ᠠᠵᠢᠯᠴᠢᠨ ᠠᠵᠢᠯ ᠤᠨ ᠪᠠᠶᠢᠷᠢ ᠳᠤ ᠪᠠᠶᠢᠵᠤ᠂ ᠪᠠᠷᠢᠯᠭ᠎ᠠ ᠶᠢᠨ ᠲᠥᠯᠥᠪᠵᠢᠭᠦᠯᠭᠡ ᠶᠣᠰᠣᠭᠠᠷ ᠴᠠᠬᠤᠯᠠᠭᠤᠷ ᠪᠤᠰᠬᠠᠬᠤ᠂ ᠬᠦᠴᠦᠷᠬᠡᠭ ᠪᠠᠭᠤᠷᠠᠢ ᠴᠠᠬᠢᠯᠭᠠᠨ ᠤᠲᠠᠰᠤ ᠴᠠᠬᠢᠯᠭᠠᠨ ᠲᠠᠲᠠᠯᠭ᠎ᠠ᠂ ᠬᠡᠷᠡᠮ ᠤᠨ ᠭᠠᠳᠠᠷᠭᠤ ᠶᠢ ᠲᠡᠭᠰᠢ ᠡᠯᠭᠦᠭᠰᠡᠨ ᠵᠡᠷᠭᠡ ᠢᠨᠵᠧᠨᠧᠷᠢᠩ ᠤᠨ ᠡᠭᠦᠷᠭᠡ ᠶᠢ ᠭᠦᠢᠴᠡᠳᠬᠡᠵᠦ ᠪᠠᠶᠢᠨ᠎ᠠ᠃ ᠵᠠᠯᠭᠠᠭᠠᠳ ᠪᠠᠰᠠ ᠲᠡᠭᠡᠪᠦᠷ᠂ ᠠᠰᠠᠷ ᠤᠨ ᠱᠠᠲᠤ᠂ ᠡᠭᠦᠳᠡ ᠴᠣᠩᠬᠤ᠂ ᠳ᠋ᠧᠩ ᠤᠨ ᠬᠡᠷᠡᠭᠰᠡᠯ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠬᠢᠨᠠᠨ ᠡᠵᠡᠮᠳᠡᠬᠦ᠂ ᠠᠰᠠᠷ ᠤᠨ ᠪᠡᠶ᠎ᠡ ᠶᠢᠨ ᠭᠡᠷᠡᠯᠲᠦᠭᠦᠯᠭᠡ ᠵᠡᠷᠭᠡ ᠶᠢ ᠤᠭᠰᠠᠷᠠᠬᠤ ᠪᠣᠯᠤᠨ᠎ᠠ᠃      ᠳᠤᠮᠳᠠᠳᠤ ᠮᠣᠩᠭᠤᠯ ᠤᠨ ᠠᠵᠤ ᠠᠬᠤᠶ ᠶᠢᠨ ᠬᠠᠮᠲᠤᠷᠠᠯᠴᠠᠭᠠᠨ ᠤ ᠲᠣᠭᠤᠷᠢᠭ ᠤᠨ ᠠᠰᠠᠷ ᠤᠨ ᠳᠣᠲᠣᠭᠠᠳᠤ ᠶᠢᠨ ᠵᠠᠰᠠᠯ ᠴᠢᠮᠡᠭᠯᠡᠯ ᠵᠢᠴᠢ ᠤᠭᠰᠠᠷᠠᠬᠤ ᠢᠨᠵᠧᠨᠧᠷᠢᠩ ᠤᠨ ᠶᠡᠷᠦᠩᠬᠡᠶ ᠪᠠᠯᠠ ᠣᠷᠣᠭᠤᠯᠤᠯᠲᠠ ᠶᠢ 763 ᠲᠦᠮᠡᠨ ᠲᠥᠭᠦᠷᠢᠭ ᠪᠠᠶᠢᠴᠠᠭᠠᠨ ᠰᠢᠯᠭᠠᠵᠤ᠂ ᠪᠥᠲᠥᠭᠡᠨ ᠪᠠᠶᠢᠭᠤᠯᠬᠤ ᠠᠭᠤᠯᠭ᠎ᠠ ᠳᠤ ᠬᠡᠷ ᠳᠣᠲᠣᠷᠠᠬᠢ ᠭᠠᠵᠠᠷ ᠤᠨ ᠭᠠᠳᠠᠷᠭᠤ᠂ ᠬᠡᠷᠡᠮ ᠤᠨ ᠭᠠᠳᠠᠷᠭᠤ᠂ ᠲᠤᠯᠭᠠᠭᠤᠷᠢ᠂ ᠣᠷᠣᠶ ᠶᠢᠨ ᠫᠧᠩ᠂ ᠠᠰᠠᠷ ᠤᠨ ᠱᠠᠲᠤ᠂ ᠡᠭᠦᠳᠡ ᠴᠣᠩᠬᠤ᠂ ᠳ᠋ᠧᠩ ᠤᠨ ᠬᠡᠷᠡᠭᠰᠡᠯ᠂ ᠠᠷᠢᠭᠤᠨ ᠴᠡᠪᠡᠷ ᠤᠨ ᠬᠡᠷᠡᠭᠰᠡᠯ᠂ ᠭᠠᠯ ᠤᠨᠲᠠᠷᠠᠭᠠᠬᠤ ᠰᠢᠰᠲ᠋ᠧᠮ ᠤᠨ ᠪᠡᠯᠡᠳᠬᠡᠮᠵᠢ ᠲᠥᠬᠦᠭᠡᠷᠦᠮᠵᠢ᠂ ᠴᠠᠬᠢᠯᠭᠠᠨ ᠱᠠᠲᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠬᠢᠨᠠᠨ ᠡᠵᠡᠮᠳᠡᠬᠦ᠂ ᠠᠰᠠᠷ ᠤᠨ ᠪᠡᠶ᠎ᠡ ᠶᠢᠨ ᠭᠡᠷᠡᠯᠲᠦᠭᠦᠯᠭᠡ ᠵᠡᠷᠭᠡ ᠶᠢ ᠪᠠᠭᠲᠠᠭᠠᠵᠤ᠂ ᠵᠢᠱᠢᠯᠲᠡ ᠪᠠᠷ 7 ᠳ᠋ᠤᠭᠠᠷ ᠰᠠᠷ᠎ᠠ ᠶᠢᠨ ᠰᠡᠭᠦᠯᠴᠢ ᠪᠠᠷ ᠪᠠᠷᠢᠯᠭ᠎ᠠ ᠳᠠᠭᠤᠰᠬᠠᠵᠤ᠂ ᠳᠤᠮᠳᠠᠳᠤ ᠮᠣᠩᠭᠤᠯ ᠤᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠤ ᠪᠢᠲᠡᠭᠦᠮᠵᠢᠯᠡᠭᠰᠡᠨ ᠠᠵᠢᠯᠯᠠᠭᠠᠨ ᠳᠤ ᠰᠠᠭᠤᠷᠢ ᠲᠠᠯᠪᠢᠵᠤ ᠥᠭᠬᠦ ᠪᠣᠯᠤᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号