| | ᠨᠡᠶᠢᠲᠡ ᠶᠢᠨ ᠮᠠᠰᠢᠨ ᠲᠡᠷᠭᠡᠨ ᠤ ᠺᠣᠮᠫᠠᠨᠢ ᠶᠢᠨ ᠵᠢᠯᠣᠭᠤᠴᠢ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ | ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠂ 4 | ᠰᠠᠷ᠎ᠠ ᠶᠢᠨ 16 ᠤ ᠡᠳᠦᠷ᠂ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠵᠡᠷᠭᠡ ᠣᠯᠠᠨ ᠰᠠᠯᠠᠭ᠎ᠠ ᠮᠥᠴᠢᠷ | ᠪᠸᠢ ᠴᠧᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠭᠠᠯ ᠤᠨᠲᠠᠷᠠᠭᠠᠵᠤ | ᠠᠪᠤᠷᠠᠨ ᠲᠤᠰᠠᠯᠠᠬᠤ ᠠᠮᠤᠷ ᠲᠦᠪᠰᠢᠨ ᠤ ᠰᠣᠷᠢᠯᠲᠠ ᠬᠢᠪᠡ᠃ | ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠭᠠᠯ ᠤᠨᠲᠠᠷᠠᠭᠠᠭᠴᠢ ︽ᠣᠨᠣᠯ ᠲᠠᠶᠢᠯᠤᠮᠵᠢ ᠬᠢᠬᠦ ᠪᠣᠳᠠᠲᠠᠶ | ᠪᠣᠯᠪᠠᠰᠤᠷᠠᠯ ᠤᠨ ᠰᠣᠷᠢᠯᠲᠠ︾ ᠶᠢᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ | ᠤᠷ᠎ᠠ ᠴᠢᠳᠠᠪᠤᠷᠢ ᠶᠢ ᠰᠢᠰᠲ᠋ᠧᠮ ᠲᠠᠢ ᠵᠢᠭᠠᠵᠤ ᠥᠭᠪᠡ᠃ ᠭᠠᠯ ᠤᠨᠲᠠᠷᠠᠭᠠᠭᠤᠷ ᠢ ᠬᠡᠷᠡᠭᠯᠡᠬᠦ ᠵᠢᠭᠠᠨ ᠰᠤᠷᠭᠠᠯᠲᠠ ᠶᠢᠨ | ᠭᠤᠭᠴᠤᠭ᠎ᠠ ᠳᠤ᠂ ᠭᠠᠯ ᠤᠨᠲᠠᠷᠠᠭᠠᠭᠴᠢ ︽ᠨᠢᠭᠡ ᠶᠢ ᠳᠡᠪᠰᠢᠭᠦᠯᠬᠦ᠂ ᠬᠤᠶᠠᠷ ᠢ ᠳᠡᠪᠰᠢᠭᠦᠯᠬᠦ᠂ ᠭᠤᠷᠪᠠ ᠶᠢ ᠠᠳᠬᠤᠬᠤ᠂ | ᠳᠥᠷᠪᠡᠨ ᠳᠠᠷᠤᠯᠲᠠ︾ ᠶᠢᠨ ᠠᠮᠠᠨ ᠤᠩᠰᠢᠯᠭ᠎ᠠ ᠪᠠᠷ ᠠᠯᠬᠤᠮ ᠬᠤᠪᠢᠶᠠᠨ ᠦᠵᠡᠭᠦᠯᠦᠯᠭᠡ ᠶᠢᠨ ᠠᠵᠢᠯᠯᠠᠭᠠᠨ ᠤ | ᠵᠢᠷᠤᠮᠵᠢᠯ ᠲᠠᠢ᠂ ᠨᠡᠶᠢᠲᠡ ᠶᠢᠨ ᠮᠠᠰᠢᠨ ᠲᠡᠷᠭᠡᠨ ᠤ ᠵᠢᠯᠣᠭᠤᠴᠢ ᠶᠢ ᠵᠢᠯᠣᠭᠤᠳᠤᠨ ᠪᠣᠳᠠᠲᠤ ᠠᠵᠢᠯᠯᠠᠭᠠᠨ ᠤ ᠰᠣᠷᠢᠯᠲᠠ ᠳᠤ | ᠣᠷᠣᠯᠴᠠᠭᠤᠯᠵᠤ᠂ ᠠᠩᠬᠠᠨ ᠤ ᠬᠤᠭᠤᠴᠠᠭᠠᠨ ᠤ ᠭᠠᠯ ᠤᠨᠲᠠᠷᠠᠭᠠᠬᠤ ᠤᠷ᠎ᠠ ᠴᠢᠳᠠᠪᠤᠷᠢ ᠶᠢ ᠡᠵᠡᠮᠰᠢᠭᠦᠯᠪᠡ᠃ | ᠪᠠᠴᠢᠮ ᠪᠠᠶᠢᠳᠠᠯ ᠢ ᠠᠷᠭᠠᠴᠠᠵᠤ ᠲᠠᠷᠬᠠᠭᠠᠬᠤ ᠵᠠᠩᠭᠢᠯᠠᠭ᠎ᠠ ᠳᠤ᠂ ᠨᠡᠶᠢᠲᠡ ᠶᠢᠨ ᠮᠠᠰᠢᠨ ᠲᠡᠷᠭᠡ ᠶᠢ ᠶᠠᠪᠤᠭᠤᠯᠬᠤ | ᠶᠠᠪᠤᠴᠠ ᠳᠤ ᠭᠡᠨᠡᠳᠲᠡ ᠶᠢᠨ ᠭᠠᠯ ᠤᠨ ᠠᠶᠤᠯ ᠢ ᠳᠠᠭᠤᠷᠢᠶᠠᠵᠤ᠂ ᠵᠢᠯᠣᠭᠤᠴᠢ ᠭᠠᠯ ᠤᠨ ᠪᠠᠶᠢᠳᠠᠯ ᠢ ᠮᠡᠳᠡᠭᠰᠡᠨ ᠤ ᠳᠠᠷᠠᠭ᠎ᠠ | ᠳᠠᠷᠦ᠋ᠢᠬᠠᠨ ᠲᠡᠷᠭᠡ ᠵᠣᠭᠰᠣᠭᠠᠵᠤ᠂ ᠪᠠᠴᠢᠮ ᠪᠠᠶᠢᠳᠠᠯ ᠢ ᠠᠷᠭᠠᠴᠠᠬᠤ ᠡᠭᠦᠳᠡ ᠶᠢ ᠨᠡᠭᠡᠭᠡᠨ ᠠᠶᠠᠨᠴᠢᠳ ᠢ ᠬᠥᠲᠥᠯᠥᠨ | ᠵᠢᠯᠣᠭᠤᠳᠴᠤ ᠨᠢᠷᠤᠭᠤ ᠪᠥᠬᠦ᠋ᠢᠵᠦ᠂ ᠠᠮᠤᠷ ᠲᠦᠪᠰᠢᠨ ᠭᠠᠵᠠᠷ ᠲᠦᠷᠭᠡᠨ ᠪᠥᠭᠡᠳ ᠡᠮᠬᠢ ᠵᠢᠷᠤᠮ ᠲᠠᠢ ᠪᠠᠷ ᠵᠠᠶᠢᠯᠠᠭᠤᠯᠬᠤ | ᠬᠡᠷᠡᠭᠲᠡᠶ᠃ | ᠡᠭᠦᠨ ᠤ ᠬᠠᠮᠲᠤ᠂ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠠᠵᠢᠯᠲᠠᠳ ᠲᠡᠷᠭᠡᠨ ᠠᠳᠡᠯ | ᠭᠠᠷᠤᠭᠰᠠᠨ ᠢ ᠳᠠᠭᠤᠷᠢᠶᠠᠨ ᠲᠤᠬᠠᠶ ᠶᠢᠨ ᠲᠠᠯᠠᠪᠤᠷ ᠤᠨ ᠪᠣᠯᠪᠠᠰᠤᠷᠠᠭᠤᠯᠤᠯ ᠬᠢᠵᠦ᠂ ᠴᠢᠰᠤ ᠵᠣᠭᠰᠣᠭᠠᠬᠤ᠂ ᠪᠣᠭᠤᠬᠤ᠂ | ᠶᠠᠰᠤ ᠬᠤᠭᠤᠷᠠᠬᠤ᠂ ᠵᠢᠷᠦᠬᠡ ᠠᠭᠤᠰᠬᠢᠨ ᠤ ᠰᠡᠷᠭᠦᠯᠲᠡ᠂ AED ᠶᠢᠨ ᠬᠡᠷᠡᠭᠯᠡᠯᠲᠡ ᠵᠡᠷᠭᠡ ᠥᠪᠡᠷ ᠢ ᠪᠠᠨ ᠠᠪᠤᠷᠠᠬᠤ | ᠬᠠᠷᠢᠯᠴᠠᠨ ᠠᠪᠤᠷᠠᠬᠤ ᠮᠡᠳᠡᠯᠭᠡ ᠶᠢ ᠭᠤᠤᠯᠳᠠᠯᠭ᠎ᠠ ᠲᠠᠢ ᠲᠠᠶᠢᠯᠪᠤᠷᠢᠯᠠᠵᠤ᠂ ᠵᠠᠮ ᠬᠠᠷᠢᠯᠴᠠᠭᠠᠨ ᠤ ᠠᠳᠡᠯ ᠤᠨ ᠭᠡᠨᠡᠳᠲᠡ ᠶᠢᠨ | ᠬᠡᠷᠡᠭ ᠤᠨ ᠳᠤᠮᠳᠠᠬᠢ ᠥᠪᠡᠷ ᠢ ᠪᠠᠨ ᠠᠪᠤᠷᠠᠬᠤ᠂ ᠬᠠᠷᠢᠯᠴᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠵᠦ᠂ ᠤᠯᠠᠮ ᠨᠢᠭᠡ | ᠠᠯᠬᠤᠮ ᠠᠪᠤᠷᠠᠨ ᠵᠠᠰᠠᠬᠤ ᠳᠤ ᠨᠥᠬᠦᠴᠡᠯ ᠪᠦᠷᠢᠯᠳᠦᠭᠦᠯᠵᠦ ᠥᠭᠭᠦᠨ᠎ᠡ᠃ | ᠲᠣᠰ ᠤᠳᠠᠭᠠᠨ ᠤ ᠪᠣᠳᠠᠲᠤ ᠲᠡᠶᠢᠨ ᠳᠤ ᠣᠶᠢᠷᠠᠲᠤᠭᠰᠠᠨ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ | ᠰᠣᠷᠢᠯᠲᠠ ᠪᠠᠷ ᠳᠡᠮᠵᠢᠨ᠂ ᠪᠣᠯᠪᠠᠰᠤᠷᠠᠯ ᠳᠤ ᠣᠷᠣᠯᠴᠠᠭᠰᠠᠳ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢᠶᠠᠨ | ᠴᠢᠩᠭᠠᠷᠠᠭᠤᠯᠤᠭᠰᠠᠨ ᠢᠶᠠᠷ ᠪᠠᠷᠠᠬᠤ ᠥᠬᠡᠶ ᠪᠠᠰᠠ ᠥᠪᠡᠷ ᠢ ᠪᠠᠨ ᠠᠪᠤᠷᠠᠬᠤ ᠪᠠ ᠬᠠᠷᠢᠯᠴᠠᠨ ᠠᠪᠤᠷᠬᠠᠤ ᠴᠢᠳᠠᠪᠤᠷᠢ ᠪᠠᠨ | ᠳᠡᠭᠡᠭᠰᠢᠯᠡᠭᠦᠯᠵᠡᠶ᠃ ᠤᠯᠠᠨ ᠢᠶᠠᠷ ᠢᠶᠠᠨ᠂ ᠰᠣᠷᠣᠭᠰᠠᠨ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠪᠣᠯᠤᠨ ᠪᠠᠴᠢᠮ | ᠪᠠᠶᠢᠳᠠᠯ ᠢ ᠠᠷᠭᠠᠴᠠᠨ ᠰᠢᠢᠳᠪᠦᠷᠢᠯᠡᠬᠦ ᠤᠷ᠎ᠠ ᠴᠢᠳᠠᠪᠤᠷᠢ ᠪᠠᠨ ᠡᠳᠦᠷ ᠲᠤᠳᠤᠮ ᠤᠨ ᠠᠵᠢᠯ ᠳᠠᠭᠠᠨ ᠬᠡᠷᠡᠭᠯᠡᠵᠦ᠂ | ᠠᠶᠠᠨᠴᠢᠳ ᠤᠨ ᠲᠡᠷᠭᠡᠨ ᠳᠤ ᠰᠠᠭᠤᠬᠤ ᠠᠮᠤᠷ ᠲᠦᠪᠰᠢᠨ ᠢ ᠪᠠᠲᠤᠯᠠᠨ᠎ᠠ ᠭᠡᠵᠦ ᠢᠯᠡᠳᠬᠡᠵᠡᠭᠡᠪᠡ᠃ |